ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠳᠤᠭᠤᠶᠢᠯᠠᠩ ᠬᠤᠩ ᠴᠢ ᠪᠠᠯᠭᠠᠰᠤᠨ ᠳᠤ ᠳᠠᠶᠢᠴᠢᠯᠠᠯᠲᠠ ᠶᠢᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/6/22
 6 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠬᠤᠩ ᠴᠢ ᠪᠠᠯᠭᠠᠰᠤᠨ ᠳᠤ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ  ᠬᠤᠷᠠᠯᠳᠤᠭᠤᠯᠵᠤ᠂ ᠬᠤᠩ ᠴᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠬᠤᠷᠠᠯ ᠢ ᠡᠷᠬᠢᠯᠡᠨ᠂ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠦ ᠬᠠᠢ ᠴᠢᠩ ᠨᠥᠬᠦᠷ ᠲᠠᠶᠢᠴᠢᠯᠠᠯᠳᠠ ᠶᠢᠨ ᠶᠠᠷᠢᠶ᠎ᠠ ᠲᠠᠯᠪᠢᠵᠤ᠂ ᠲᠣᠭᠤᠷᠢᠨ ᠪᠠᠶᠢᠴᠠᠭᠠᠬᠤ ᠠᠵᠢᠯ ᠢ ᠰᠠᠶᠢᠨ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ ᠯᠢᠦ ᠬᠠᠶ ᠴᠢᠩ ᠠᠴᠠ᠂  ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠳᠤ ᠲᠣᠭᠤᠷᠢᠨ ᠪᠠᠶᠢᠴᠠᠭᠠᠯᠲᠠ ᠬᠢᠬᠦ ᠪᠣᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠭᠤᠤᠯ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ ᠢ ᠬᠦᠴᠦᠨ ᠢᠶᠠᠨ ᠲᠦᠪᠯᠡᠷᠡᠬᠦᠯᠵᠦ ᠰᠠᠶᠢᠨ ᠬᠢᠬᠦ ᠶᠢᠨ ᠪᠣᠳᠠᠲᠠᠶ ᠢᠯᠡᠷᠡᠯ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠲᠥᠪ ᠴᠢᠩᠭ᠎ᠠ ᠬᠥᠭ ᠠᠶᠠᠰ ᠢ ᠪᠠᠷᠢᠮᠲᠠᠯᠠᠬᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠭᠠᠴᠠᠭ᠎ᠠ ᠲᠣᠰᠬᠤᠨ ᠢ ᠲᠣᠭᠤᠷᠢᠨ ᠪᠠᠶᠢᠴᠠᠭᠠᠬᠤ ᠪᠣᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠴᠢᠬᠤᠯᠠ ᠪᠠᠲᠤᠯᠠᠭ᠎ᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ᠂ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠪᠣᠳᠠᠲᠤ ᠬᠡᠷᠡᠭᠴᠡᠭᠡ ᠮᠥᠨ   ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ  ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠵᠢᠴᠢ ᠤᠯᠠᠨ ᠲᠦᠮᠡᠨ ᠤ ᠲᠤᠰᠬᠠᠯ ᠶᠡᠬᠡᠳᠡᠢ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ   ᠵᠡᠷᠭᠡ ᠶᠢᠨ ᠲᠣᠭᠤᠷᠢᠨ ᠳᠤ ᠬᠢᠨᠠᠯᠲᠠ ᠲᠠᠯᠪᠢᠵᠤ᠂ ᠣᠷᠣᠰᠢᠵᠤ ᠪᠠᠶᠢᠭ᠎ᠠ ᠠᠰᠠᠭᠤᠳᠠᠯ ᠢ ᠢᠯᠡᠷᠡᠬᠦᠯᠦᠨ ᠰᠢᠢᠳᠪᠦᠷᠢᠯᠡᠬᠦ ᠪᠣᠯᠤᠨ᠎ᠠ᠃ ᠬᠤᠩ ᠴᠢ ᠪᠠᠯᠭᠠᠰᠤᠨ ᠤ ᠨᠠᠮ ᠤᠨ ᠬᠤᠷᠢᠶ᠎ᠠ ᠨᠢ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠢᠶᠠᠨ ᠦᠨᠡᠨᠬᠦ ᠴᠢᠩᠭᠠᠳᠬᠠᠨ᠂ ᠲᠤᠰ ᠡᠭᠡᠯᠵᠢ ᠶᠢᠨ ᠲᠤᠭᠤᠷᠢᠨ ᠪᠠᠶᠢᠴᠠᠭᠠᠬᠤ ᠡᠭᠦᠷᠭᠡ ᠶᠢ ᠰᠠᠶᠢᠲᠤᠷ ᠬᠠᠮᠵᠢᠯᠴᠠᠨ ᠪᠡᠶᠡᠯᠡᠭᠦᠯᠬᠦ ᠬᠡᠷᠡᠭᠲᠡᠢ ᠬᠡᠵᠦ  ᠴᠢᠬᠤᠯᠠᠴᠢᠯᠠᠭᠰᠠᠨ ᠪᠠᠶᠢᠨ᠎ᠠ᠃ ᠰᠦᠨ ᠬᠠᠢ ᠹᠧᠩ ᠣᠪᠣᠷ ᠢᠶᠠᠨ ᠢᠯᠡᠳᠬᠡᠬᠦ ᠶᠠᠷᠢᠶᠠᠨ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠬᠦᠴᠦᠨ ᠢᠶᠠᠷ ᠢᠶᠠᠨ ᠢᠳᠡᠪᠬᠢᠳᠡᠢ ᠬᠠᠮᠵᠢᠯᠴᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ  ᠡᠷᠡᠰ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠬᠤ ᠠᠵᠢᠯ ᠢ ᠨᠠᠮ ᠤᠨ ᠪᠠᠶᠢᠭᠤᠯᠤᠯᠲᠠ᠂ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠠᠳᠬᠤᠬᠤ ᠲᠠᠢ ᠤᠶᠠᠯᠳᠤᠭᠤᠯᠵᠤ᠂  ᠪᠦᠬᠦ ᠲᠠᠯ᠎ᠠ ᠶᠢᠨ ᠪᠠᠲᠤ ᠴᠢᠩᠭ᠎ᠠ ᠤᠯᠤᠰ ᠲᠦᠷᠦ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠪᠠᠷ ᠴᠢᠷᠮᠠᠶᠢᠨ᠎ᠠ ᠬᠡᠵᠡᠢ᠃ ᠬᠤᠩ ᠴᠢ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠ ᠪᠠᠯᠭᠠᠰᠤᠨ ᠤ ᠺᠠᠳ᠋ᠷ ᠠᠵᠢᠯᠳᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号