ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠢᠯᠭᠠᠭᠤᠯᠬᠤ ᠥᠬᠡᠶ ᠪᠠᠷ ᠭᠡᠷ | ᠠᠴᠠ ᠪᠠᠨ ᠤᠶᠢᠷᠠᠬᠠᠨ ᠰᠤᠷᠭᠠᠭᠤᠯᠢ ᠳᠤ ᠣᠷᠣᠬᠤ ᠠᠵᠢᠯ ᠢ ᠤᠯᠠᠮ ᠰᠠᠶᠢᠨ ᠬᠢᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠣᠷᠣᠬᠤ ᠲᠦᠷᠢᠮ ᠢ ᠪᠦᠷᠢᠨᠰᠢᠬᠦᠯᠦᠨ᠂ ᠰᠣᠷᠣᠭᠴᠢ ᠡᠯᠰᠡᠬᠦ ᠠᠵᠢᠯᠯᠠᠭ᠎ᠠ ᠶᠢ | ᠲᠦᠷᠢᠮᠵᠢᠬᠦᠯᠵᠦ᠂ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠤᠷᠭᠠᠨ ᠬᠥᠮᠦᠵᠢᠯ ᠤᠨ ᠡᠷᠬᠡ ᠲᠡᠭᠰᠢ ᠶᠢ | ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ | ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠢᠯᠡ ᠲᠤᠳᠤ ᠰᠣᠷᠣᠭᠴᠢ | ᠡᠯᠰᠡᠬᠦ ᠲᠤᠰᠬᠠᠶ ᠠᠵᠢᠯᠯᠠᠭᠠᠨ ᠤ ︵2024︶ ᠲᠦᠰᠦᠪ ︾ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠮᠠᠨ ᠤ | ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠵᠤ ᠪᠠᠶᠢᠭᠠᠳ ᠲᠤᠰ | ᠲᠦᠰᠦᠪ ᠢ ᠲᠣᠭᠲᠠᠭᠠᠪᠠ᠃ | ᠵᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠠᠵᠢᠯ ᠤᠨ | ᠬᠤᠷᠠᠯᠳᠤᠭᠠᠨ ᠤ ᠱᠠᠭᠠᠷᠳᠠᠯᠭ᠎ᠠ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ | ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠤᠭᠴᠢᠳ ᠤᠨ ᠰᠢᠯᠭᠠᠭᠤᠯᠬᠤ ᠦᠬᠡᠢ ᠪᠠᠷ ᠭᠡᠷ ᠠᠴᠠ ᠪᠠᠨ ᠤᠶᠢᠷᠠᠬᠠᠨ ᠰᠤᠷᠭᠠᠭᠤᠯᠢ ᠳᠤ ᠣᠷᠣᠬᠤ ᠶᠢ ᠬᠠᠤᠯᠢ | ᠶᠣᠰᠣᠭᠠᠷ ᠪᠠᠲᠤᠯᠠᠨ᠎ᠠ᠃ | ᠬᠤᠶᠠᠷ᠂ ᠰᠤᠷᠭᠠᠭᠤᠯᠢ ᠳᠤ ᠤᠷᠤᠬᠤ ᠨᠢᠭᠤᠷᠯᠠᠯ | ︵ᠨᠢᠭᠡ︶ ᠪᠠᠭ᠎ᠠ ᠰᠤᠷᠭᠠᠭᠤᠯᠢ ᠳᠤ ᠣᠷᠣᠬᠤ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠶᠢᠨ ᠬᠤᠶᠠᠳᠤᠭᠠᠷ ᠪᠦᠯᠦᠭ ᠤᠨ ᠠᠷᠪᠠᠨ ᠨᠢᠭᠡᠳᠦᠭᠡᠷ | ᠵᠤᠷᠪᠤᠰ ᠤᠨ ᠲᠣᠭᠲᠠᠭᠠᠯ ᠶᠣᠰᠣᠭᠠᠷ᠂ ᠪᠦᠬᠦᠯᠢ 6 ᠨᠠᠰᠤ ︵2018 ᠣᠨ ᠤ 8 ᠰᠠᠷ᠎ᠠ ᠶᠢᠨ 31 ᠤ ᠡᠳᠦᠷ ᠪᠠ | ᠲᠡᠭᠦᠨ ᠠᠴᠠ ᠡᠮᠦᠨ᠎ᠡ ᠲᠥᠷᠥᠭᠰᠡᠨ︶ ᠬᠦᠷᠦᠭᠰᠡᠨ ᠬᠡᠦᠬᠡᠳ ᠢ ᠬᠦᠢᠰᠦ ᠢᠯᠭᠠᠯ᠂ ᠦᠨᠳᠦᠰᠦᠲᠡᠨ ᠠᠷᠠᠰᠤᠲᠠᠨ᠂ | ᠱᠠᠰᠢᠨ ᠰᠢᠲᠦᠯᠭᠡ ᠭᠡᠵᠦ ᠢᠯᠭᠠᠯ ᠥᠬᠡᠶ᠂ ᠲᠡᠭᠦᠨ ᠤ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ | ᠬᠢᠨᠠᠨ ᠬᠠᠮᠠᠭᠠᠯᠠᠬᠤ ᠬᠦᠮᠦᠨ ᠨᠢ ᠰᠢᠯᠭᠠᠭᠤᠯᠬᠤ ᠥᠬᠡᠶ ᠪᠠᠷ ᠭᠡᠷ ᠠᠴᠠ ᠨᠢ ᠤᠶᠢᠷᠠᠬᠠᠨ ᠰᠤᠷᠭᠠᠭᠤᠯᠢ ᠳᠤ | ᠣᠷᠣᠭᠤᠯᠵᠤ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠳᠡᠭᠡᠨ᠎ᠡ᠃ ᠪᠦᠬᠦᠯᠢ 6 ᠨᠠᠰᠤ ᠬᠦᠷᠦᠭᠰᠡᠨ ᠬᠡᠦᠬᠡᠳ ᠨᠢ | ᠤᠴᠢᠷ ᠰᠢᠯᠳᠠᠭᠠᠨ ᠠᠴᠠ ᠪᠤᠯᠵᠤ ᠤᠳᠤᠬᠠᠨ ᠳᠠᠭᠠᠨ ᠰᠤᠷᠭᠠᠭᠤᠯᠢ ᠳᠤ ᠰᠤᠷᠤᠯᠴᠠᠵᠤ ᠳᠡᠶᠢᠯᠬᠦ ᠦᠭᠡᠶ ᠪᠣᠯ ᠬᠢᠨᠠᠨ | ᠬᠠᠮᠠᠭᠠᠯᠠᠭᠴᠢ ᠨᠢ ᠡᠷᠦᠬᠡ ᠠᠮᠠ ᠶᠢᠨ ᠳᠡᠪᠲᠡᠷ ᠪᠠ ᠡᠮᠨᠡᠯᠭᠡ ᠶᠢᠨ ᠬᠤᠷᠢᠶᠠᠨ ᠤ ᠭᠠᠷᠭᠠᠵᠤ ᠥᠭᠭᠦᠭᠰᠡᠨ ᠬᠠᠮᠢᠶ᠎ᠠ | ᠪᠦᠬᠦᠢ ᠭᠡᠷᠡᠴᠢ ᠪᠠᠷᠢᠮᠳᠠ ᠶᠢ ᠦᠵᠡᠬᠦᠯᠵᠦ ᠪᠠᠶᠢᠭᠠᠳ ᠰᠤᠷᠭᠠᠭᠤᠯᠢ ᠳᠤ ᠤᠷᠤᠬᠤ ᠶᠢ ᠬᠤᠶᠢᠰᠢᠯᠠᠭᠤᠯᠬᠤ | ᠬᠦᠢᠴᠡᠳᠭᠡᠯ ᠬᠢᠨ᠎ᠡ᠃ ︽ᠰᠤᠷᠭᠠᠭᠤᠯᠢ ᠳᠤ ᠣᠷᠣᠬᠤ ᠮᠡᠳᠡᠭᠳᠡᠯ︾ ᠢ ᠨᠢᠬᠡᠨᠳᠡ ᠭᠠᠷᠳᠠᠭᠰᠠᠨ ᠪᠣᠯ | ᠬᠤᠶᠢᠰᠢᠯᠠᠭᠤᠯᠬᠤ ᠬᠦᠢᠴᠡᠳᠭᠡᠯ ᠬᠢᠬᠦ ᠳᠡᠭᠡᠨ ᠮᠡᠳᠡᠭᠳᠡᠯ ᠢ ᠬᠠᠮᠲᠤ ᠳᠤᠨᠢ ᠪᠤᠴᠠᠭᠠᠬᠤ ᠬᠡᠷᠡᠭᠲᠡᠶ᠃ | ︵ᠬᠤᠶᠠᠷ︶ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠣᠷᠣᠬᠤ᠃ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠨᠤᠭᠤᠳ ᠨᠢ ᠬᠤᠪᠢᠶᠠᠷᠢᠯᠠᠨ ᠲᠣᠭᠲᠠᠭᠠᠭᠰᠠᠨ ᠰᠤᠷᠤᠭᠴᠢ ᠡᠯᠰᠡᠬᠦ ᠬᠦᠷᠢᠶ᠎ᠡ ᠬᠡᠪᠴᠢᠶ᠎ᠡ ᠶᠣᠰᠣᠭᠠᠷ᠂ | ᠨᠥᠬᠦᠴᠡᠯ ᠳᠤ ᠨᠡᠶᠢᠴᠡᠭᠰᠡᠨ ᠪᠠᠭ᠎ᠠ ᠰᠤᠷᠭᠠᠭᠤᠯᠢ ᠲᠡᠭᠦᠰᠦᠭᠰᠡᠳ ᠢ ᠡᠯᠰᠡᠨ᠎ᠡ᠃ | ᠭᠤᠷᠪᠠ᠂ ᠰᠤᠷᠤᠭᠴᠢ ᠡᠯᠰᠡᠬᠦ ᠬᠦᠷᠢᠶ᠎ᠡ ᠬᠡᠪᠴᠢᠶ᠎ᠡ | ᠮᠠᠨ ᠤ ᠬᠤᠰᠢᠭᠤᠨ ᠤ ᠵᠣᠬᠢᠬᠤ ᠨᠠᠰᠤᠨ ᠤ ᠰᠣᠷᠣᠭᠴᠢ ᠶᠢᠨ ᠲᠤᠭ᠎ᠠ᠂ ᠰᠤᠷᠭᠠᠭᠤᠯᠢ ᠶᠢᠨ ᠲᠠᠷᠬᠠᠯᠲᠠ᠂ | ᠰᠤᠷᠭᠠᠭᠤᠯᠢ ᠶᠢᠨ ᠬᠡᠪᠴᠢᠶ᠎ᠡ ᠵᠡᠷᠭᠡ ᠶᠢ ᠦᠨᠳᠦᠰᠦᠯᠡᠨ᠂ ᠭᠡᠷ ᠠᠴᠠ ᠨᠢ ᠤᠶᠢᠷᠠᠬᠠᠨ ᠰᠤᠷᠭᠠᠭᠤᠯᠢ ᠳᠤ ᠤᠷᠤᠭᠤᠯᠬᠤ | ᠵᠠᠷᠴᠢᠮ ᠶᠣᠰᠣᠭᠠᠷ ᠡᠷᠦᠬᠡ ᠠᠮᠠ᠂ ᠨᠡᠶᠢᠭᠡᠮ ᠲᠣᠭᠤᠷᠢᠭ᠂ ᠵᠠᠮ᠂ ᠪᠠᠶᠢᠴᠠ ᠵᠡᠷᠭᠡ ᠶᠢ ᠨᠢ ᠦᠨᠳᠦᠰᠦᠯᠡᠵᠦ | ᠪᠠᠶᠢᠭᠠᠳ ᠰᠤᠷᠭᠠᠭᠤᠯᠢ ᠨᠢᠭᠡᠪᠦᠷᠢ ᠶᠢᠨ ᠰᠣᠷᠣᠭᠴᠢ ᠡᠯᠰᠡᠬᠦ ᠬᠡᠪᠴᠢᠶ᠎ᠡ ᠶᠢ ᠵᠦᠶ ᠵᠣᠬᠢᠰᠲᠠᠶ ᠲᠤᠭᠳᠠᠭᠠᠪᠠ᠃ | ︵ᠨᠢᠭᠡ︶ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠬᠡᠪᠴᠢᠶ᠎ᠡ | 1. ᠨᠢᠭᠡᠳᠦᠭᠡᠷ ᠪᠠᠭ᠎ᠠ ᠰᠤᠷᠭᠠᠭᠤᠯᠢ ᠨᠢ ᠳ᠋ᠦᠩ ᠵᠢᠶᠤᠤ ᠨᠡᠶᠢᠭᠡᠮ ᠲᠣᠭᠤᠷᠢᠭ᠂ ᠨᠠᠨ ᠵᠢᠶᠤᠤ ᠨᠡᠶᠢᠭᠡᠮ | ᠲᠣᠭᠤᠷᠢᠭ ︵ᠵᠡᠭᠦᠨᠰᠢ ᠪᠠᠨ ᠵᠡᠭᠦᠨ ᠬᠥᠭᠦᠷᠭᠡ᠂ ᠡᠮᠦᠨᠡᠰᠢ ᠪᠠᠨ ᠴᠠᠬᠠᠷ ᠵᠡᠭᠡᠯᠢ᠂ ᠪᠠᠷᠠᠭᠤᠨᠰᠢ ᠪᠠᠨ ᠮᠢᠨ ᠱᠧᠩ ᠵᠠᠮ | ᠬᠤᠶᠢᠰᠢ ᠪᠠᠨ ᠭᠤᠸᠠᠩ ᠮᠢᠩ ᠵᠡᠭᠡᠯᠢ ᠬᠦᠷᠬᠦ︶᠂ ᠲᠠᠢ ᠫᠢᠩ ᠨᠡᠶᠢᠭᠡᠮ ᠲᠣᠭᠤᠷᠢᠭ ︵ᠵᠡᠭᠦᠨᠰᠢ ᠪᠠᠨ ᠵᠡᠭᠦᠨ | ᠬᠥᠭᠦᠷᠭᠡ ᠂ ᠡᠮᠦᠨᠡᠰᠢ ᠪᠠᠨ ᠵᠢᠶᠧ ᠹᠠᠩ ᠵᠡᠭᠡᠯᠢ ᠂ ᠪᠠᠷᠠᠭᠤᠨᠰᠢ ᠪᠠᠨ ᠯᠢ ᠮᠢᠨ ᠵᠠᠮ ᠂ ᠬᠤᠶᠢᠰᠢ ᠪᠠᠨ ᠴᠧᠩ ᠪᠸᠢ | ᠬᠥᠭᠦᠷᠭᠡ ᠬᠦᠷᠬᠦ︶᠂ ᠰᠢᠨ ᠬᠤᠸᠠ ᠨᠡᠶᠢᠬᠡᠮ ᠲᠤᠭᠤᠷᠢᠭ ︵ ᠵᠡᠬᠦᠨᠰᠢ ᠪᠠᠨ ᠵᠡᠬᠦᠨ ᠬᠦᠬᠦᠷᠭᠡ᠂ ᠡᠮᠦᠨᠡᠰᠢ ᠪᠠᠨ | ᠸᠠᠨ ᠾᠧ ᠰᠠᠭᠤᠭᠠᠯᠢ ᠲᠣᠭᠤᠷᠢᠭ ᠤᠨ ᠡᠮᠦᠨ᠎ᠡ᠂ ᠪᠠᠷᠠᠭᠤᠨᠰᠢ ᠪᠠᠨ ᠵᠢᠶᠠᠨ ᠱᠧ ᠡᠮᠦᠨ᠎ᠡ ᠵᠠᠮ᠂ ᠬᠤᠶᠢᠰᠢ ᠪᠠᠨ | ᠵᠢᠶᠧ ᠹᠠᠩ ᠵᠡᠭᠡᠯᠢ ᠬᠦᠷᠬᠦ︶ ᠵᠢᠴᠢ ᠪᠤᠤᠴᠠᠩ ᠪᠠᠯᠭᠠᠰᠤᠨ ᠤ ᠼᠠᠢ ᠶᠤᠸᠠᠨ ᠲᠣᠰᠬᠤᠨ ︵ᠭᠤᠷᠪᠠᠳᠤᠭᠠᠷ | ᠲᠤᠭᠤᠶᠢᠯᠠᠩ᠂ ᠳᠥᠷᠪᠡᠳᠦᠭᠡᠷ ᠲᠤᠭᠤᠶᠢᠯᠠᠩ᠂ ᠵᠢᠷᠭᠤᠳᠤᠭᠠᠷ ᠲᠤᠭᠤᠶᠢᠯᠠᠩ︶᠂ ᠪᠤᠤᠴᠠᠩ ᠪᠠᠯᠭᠠᠰᠤᠨ ᠤ ᠴᠧᠩ | ᠪᠸᠢ ᠲᠣᠰᠬᠤᠨ᠂ ᠳ᠋ᠦᠩ ᠮᠢᠩ ᠲᠣᠰᠬᠤᠨ᠂ ᠳ᠋ᠦᠩ ᠬᠤᠩ ᠲᠣᠰᠬᠤᠨ ᠤ ᠢᠦᠶ ᠷᠧᠨ ᠸᠧᠢ ᠽᠢ ᠳᠤ ᠡᠷᠦᠬᠡ ᠠᠮᠠ | ᠶᠢᠨ ᠲᠠᠩᠰᠠ ᠲᠠᠢ ᠬᠡᠦᠬᠡᠳ ᠢ ᠡᠯᠰᠡᠨ᠎ᠡ᠃ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠬᠤ ᠬᠦᠮᠦᠨ ᠨᠢ ᠬᠠᠷᠢᠶ᠎ᠠ | ᠣᠷᠣᠨ ᠳᠤ ᠬᠡᠷ ᠪᠠᠶᠢᠰᠢᠩ ᠬᠤᠳᠠᠯᠳᠤᠨ ᠠᠪᠤᠭᠰᠠᠨ ᠪᠤᠯ ᠰᠤᠷᠤᠭᠴᠢ ᠡᠯᠰᠡᠬᠦ ᠤᠷᠤᠨ ᠲᠤᠭ᠎ᠠ ᠶᠢ ᠦᠨᠳᠦᠰᠦᠯᠡᠵᠦ | ᠪᠠᠶᠢᠭᠠᠳ ᠭᠡᠷ ᠠᠴᠠ ᠨᠢ ᠬᠠᠮᠤᠭ ᠤᠶᠢᠷᠠᠬᠠᠨ ᠰᠤᠷᠭᠠᠭᠤᠯᠢ ᠶᠢ ᠲᠤᠬᠢᠷᠠᠭᠤᠯᠵᠤ᠂ ᠤᠷᠤᠨ ᠲᠤᠭ᠎ᠠ ᠬᠦᠷᠦᠯᠴᠡᠬᠦ | ᠥᠬᠡᠶ ᠪᠣᠯ ᠭᠡᠷ ᠠᠴᠠ ᠨᠢ ᠬᠠᠷᠢᠴᠠᠩᠭᠤᠶ ᠤᠶᠢᠷᠠᠬᠠᠨ ᠰᠤᠷᠭᠠᠭᠤᠯᠢ ᠲᠣᠬᠢᠷᠠᠭᠤᠯᠤᠨ᠎ᠠ᠃ | 2. ᠬᠤᠶᠠᠳᠤᠭᠠᠷ ᠪᠠᠭ᠎ᠠ ᠰᠤᠷᠭᠠᠭᠤᠯᠢ ᠨᠢ ᠵᠢᠶᠠᠨ ᠰᠢᠩ ᠨᠡᠶᠢᠭᠡᠮ ᠲᠣᠭᠤᠷᠢᠭ ︵ᠴᠠᠩ ᠱᠧᠩ ᠶᠤᠸᠠᠨ | ᠲᠣᠭᠤᠷᠢᠭ ᠪᠠᠭᠲᠠᠬᠤ ᠦᠭᠡᠢ︶᠂ ᠲᠠᠢ ᠫᠢᠩ ᠨᠡᠶᠢᠭᠡᠮ ᠲᠣᠭᠤᠷᠢᠭ ︵ᠵᠡᠭᠦᠨᠰᠢ ᠪᠠᠨ ᠯᠢ ᠮᠢᠨ ᠵᠠᠮ᠂ ᠡᠮᠦᠨᠡᠰᠢ ᠪᠠᠨ | ᠵᠢᠶᠧ ᠹᠠᠩ ᠵᠡᠭᠡᠯᠢ ᠂ ᠪᠠᠷᠠᠭᠤᠨᠰᠢ ᠪᠠᠨ ᠲᠤᠰ ᠨᠡᠶᠢᠭᠡᠮ ᠲᠣᠭᠤᠷᠢᠭ ᠤᠨ ᠪᠠᠷᠠᠭᠤᠨ ᠪᠡᠶ᠎ᠡ᠂ ᠬᠤᠶᠢᠰᠢ ᠪᠠᠨ ᠾᠧ | ᠫᠢᠩ ᠵᠡᠭᠡᠯᠢ ᠬᠦᠷᠬᠦ ︶ ᠵᠢᠴᠢ ᠪᠤᠤᠴᠠᠩ ᠪᠠᠯᠭᠠᠰᠤᠨ ᠤ ᠬᠤᠩ ᠳ᠋ᠠ ᠲᠣᠰᠬᠤᠨ᠂ ᠰᠢ ᠫᠦᠸᠧ ᠲᠣᠰᠬᠤᠨ ᠤ ᠳ᠋ᠦᠩ | ᠵᠢᠶᠠ ᠰᠢ ᠭᠧᠦ᠂ ᠰᠢ ᠫᠦᠸᠧ ᠲᠤᠰᠬᠤᠨ ᠤ ᠵᠢᠶᠤᠤ ᠵᠢᠶᠠ ᠶᠢᠩᠽᠢ ᠳᠤ ᠡᠷᠦᠬᠡ ᠠᠮᠠ ᠶᠢᠨ ᠲᠠᠩᠰᠠ ᠲᠠᠢ | ᠬᠡᠦᠬᠡᠳ ᠢ ᠡᠯᠰᠡᠨ᠎ᠡ᠃ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠬᠤ ᠬᠦᠮᠦᠨ ᠨᠢ ᠬᠠᠷᠢᠶ᠎ᠠ ᠣᠷᠣᠨ ᠳᠤ ᠬᠡᠷ | ᠪᠠᠶᠢᠰᠢᠩ ᠬᠤᠳᠠᠯᠳᠤᠨ ᠠᠪᠤᠭᠰᠠᠨ ᠪᠤᠯ ᠰᠤᠷᠤᠭᠴᠢ ᠡᠯᠰᠡᠬᠦ ᠤᠷᠤᠨ ᠲᠤᠭ᠎ᠠ ᠶᠢ ᠦᠨᠳᠦᠰᠦᠯᠡᠵᠦ ᠪᠠᠶᠢᠭᠠᠳ ᠭᠡᠷ | ᠠᠴᠠ ᠨᠢ ᠬᠠᠮᠤᠭ ᠤᠶᠢᠷᠠᠬᠠᠨ ᠰᠤᠷᠭᠠᠭᠤᠯᠢ ᠶᠢ ᠲᠤᠬᠢᠷᠠᠭᠤᠯᠵᠤ᠂ ᠤᠷᠤᠨ ᠲᠤᠭ᠎ᠠ ᠬᠦᠷᠦᠯᠴᠡᠬᠦ ᠥᠬᠡᠶ ᠪᠣᠯ ᠭᠡᠷ | ᠠᠴᠠ ᠨᠢ ᠬᠠᠷᠢᠴᠠᠩᠭᠤᠶ ᠤᠶᠢᠷᠠᠬᠠᠨ ᠰᠤᠷᠭᠠᠭᠤᠯᠢ ᠲᠣᠬᠢᠷᠠᠭᠤᠯᠤᠨ᠎ᠠ᠃ | 3. ᠭᠤᠷᠪᠠᠳᠤᠭᠠᠷ ᠪᠠᠭ᠎ᠠ ᠰᠤᠷᠭᠠᠭᠤᠯᠢ ᠨᠢ ᠪᠤᠣ ᠹᠧᠩ ᠨᠡᠶᠢᠭᠡᠮ ᠲᠣᠭᠤᠷᠢᠭ᠂ ᠨᠠᠨ ᠵᠢᠶᠤᠤ ᠨᠡᠶᠢᠭᠡᠮ | ᠲᠣᠭᠤᠷᠢᠭ ︵ᠵᠡᠭᠦᠨᠰᠢ ᠪᠠᠨ ᠵᠡᠭᠦᠨ ᠬᠥᠭᠦᠷᠭᠡ᠂ ᠡᠮᠦᠨᠡᠰᠢ ᠪᠠᠨ ᠭᠤᠸᠠᠩ ᠮᠢᠩ ᠵᠡᠭᠡᠯᠢ᠂ ᠪᠠᠷᠠᠭᠤᠨᠰᠢ ᠪᠠᠨ ᠬᠤᠳᠠ | ᠶᠢᠨ ᠪᠠᠷᠠᠭᠤᠨ ᠵᠠᠬ᠎ᠠ᠂ ᠬᠤᠶᠢᠰᠢ ᠪᠠᠨ ᠲᠤᠰ ᠨᠡᠶᠢᠭᠡᠮ ᠲᠣᠭᠤᠷᠢᠭ ᠤᠨ ᠬᠤᠶᠢᠨ᠎ᠠ ᠬᠦᠷᠬᠦ︶᠂ ᠵᠢᠶᠠᠨ ᠰᠢᠩ ᠨᠡᠶᠢᠭᠡᠮ | ᠲᠣᠭᠤᠷᠢᠭ ︵ᠴᠠᠩ ᠱᠧᠩ ᠶᠤᠸᠠᠨ ᠰᠠᠭᠤᠭᠠᠯᠢ ᠲᠣᠭᠤᠷᠢᠭ︶᠂ ᠰᠢᠨ ᠬᠤᠸᠠ ᠨᠡᠶᠢᠬᠡᠮ ᠲᠤᠭᠤᠷᠢᠭ ︵ | ᠵᠡᠭᠦᠨᠰᠢ ᠪᠠᠨ ᠽᠢ ᠶᠢᠨ ᠬᠤᠸᠠ ᠶᠤᠸᠠᠨ ᠰᠠᠭᠤᠭᠠᠯᠢ ᠲᠣᠭᠤᠷᠢᠭ᠂ ᠡᠮᠦᠨᠡᠰᠢ ᠪᠠᠨ ᠲᠤᠸᠠᠨ ᠵᠢᠶᠧ ᠵᠡᠭᠡᠯᠢ ᠂ | ᠪᠠᠷᠠᠭᠤᠨᠰᠢ ᠪᠠᠨ 207 ᠵᠠᠮ᠂ ᠬᠤᠶᠢᠰᠢ ᠪᠠᠨ ᠬᠦᠸᠧ ᠹᠠᠩ ᠵᠡᠭᠡᠯᠢ ᠬᠦᠷᠬᠦ︶ ᠵᠢᠴᠢ ᠪᠤᠤᠴᠠᠩ ᠪᠠᠯᠭᠠᠰᠤᠨ ᠤ | ᠼᠠᠢ ᠶᠤᠸᠠᠨ ᠲᠣᠰᠬᠤᠨ ︵ᠨᠢᠭᠡᠳᠦᠭᠡᠷ ᠲᠤᠭᠤᠶᠢᠯᠠᠩ᠂ ᠬᠤᠶᠠᠳᠤᠭᠠᠷ ᠲᠤᠭᠤᠶᠢᠯᠠᠩ᠂ ᠲᠠᠪᠤᠳᠤᠭᠠᠷ ᠲᠤᠭᠤᠶᠢᠯᠠᠩ︶᠂ | ᠰᠢ ᠫᠦᠸᠧ ᠲᠣᠰᠬᠤᠨ ᠳᠤ ᠡᠷᠦᠬᠡ ᠠᠮᠠ ᠶᠢᠨ ᠲᠠᠩᠰᠠ ᠲᠠᠢ ᠬᠡᠦᠬᠡᠳ ᠢ ᠡᠯᠰᠡᠨ᠎ᠡ᠃ ᠬᠠᠤᠯᠢ ᠪᠠᠷ | ᠲᠣᠭᠲᠠᠭᠠᠭᠰᠠᠨ ᠬᠢᠨᠠᠨ ᠬᠠᠮᠠᠭᠠᠯᠠᠬᠤ ᠬᠦᠮᠦᠨ ᠨᠢ ᠬᠠᠷᠢᠶ᠎ᠠ ᠣᠷᠣᠨ ᠳᠤ ᠬᠡᠷ ᠪᠠᠶᠢᠰᠢᠩ ᠬᠤᠳᠠᠯᠳᠤᠨ ᠠᠪᠤᠭᠰᠠᠨ | ᠪᠤᠯ ᠰᠤᠷᠤᠭᠴᠢ ᠡᠯᠰᠡᠬᠦ ᠤᠷᠤᠨ ᠲᠤᠭ᠎ᠠ ᠶᠢ ᠦᠨᠳᠦᠰᠦᠯᠡᠵᠦ ᠪᠠᠶᠢᠭᠠᠳ ᠭᠡᠷ ᠠᠴᠠ ᠨᠢ ᠬᠠᠮᠤᠭ ᠤᠶᠢᠷᠠᠬᠠᠨ | ᠰᠤᠷᠭᠠᠭᠤᠯᠢ ᠶᠢ ᠲᠤᠬᠢᠷᠠᠭᠤᠯᠵᠤ᠂ ᠤᠷᠤᠨ ᠲᠤᠭ᠎ᠠ ᠬᠦᠷᠦᠯᠴᠡᠬᠦ ᠥᠬᠡᠶ ᠪᠣᠯ ᠭᠡᠷ ᠠᠴᠠ ᠨᠢ ᠬᠠᠷᠢᠴᠠᠩᠭᠤᠶ | ᠤᠶᠢᠷᠠᠬᠠᠨ ᠰᠤᠷᠭᠠᠭᠤᠯᠢ ᠲᠣᠬᠢᠷᠠᠭᠤᠯᠤᠨ᠎ᠠ᠃ | 4. ᠳᠥᠷᠪᠡᠳᠦᠭᠡᠷ ᠪᠠᠭ᠎ᠠ ᠰᠤᠷᠭᠠᠭᠤᠯᠢ ᠨᠢ ᠪᠤᠤᠴᠠᠩ ᠪᠠᠯᠭᠠᠰᠤ ︵ᠬᠤᠩ ᠱᠧᠩ ᠲᠣᠰᠬᠤᠨ᠂ ᠪᠦᠦ ᠱᠧᠩ | ᠲᠣᠰᠬᠤᠨ᠂ ᠰᠢᠶᠤᠤ ᠪᠢᠶᠠᠨ ᠴᠢᠶᠠᠩ ᠲᠣᠰᠬᠤᠨ᠂ ᠳ᠋ᠦᠩ ᠬᠤᠩ ᠲᠣᠰᠬᠤᠨ᠂ ᠬᠤᠸᠠᠩ ᠲᠤ ᠺᠧᠩ ᠲᠣᠰᠬᠤᠨ᠂ | ᠳ᠋ᠠ ᠱᠠᠨ ᠭᠧᠦ ᠲᠣᠰᠬᠤᠨ᠂ ᠳ᠋ᠢ ᠹᠠᠩ ᠽᠢ ᠲᠣᠰᠬᠤᠨ︶ ᠵᠢᠴᠢ ᠶᠦᠩ ᠹᠧᠩ ᠪᠠᠯᠭᠠᠰᠤ᠂ ᠯᠦᠸᠧ ᠲᠦᠸᠧ ᠱᠠᠨ | ᠪᠠᠯᠭᠠᠰᠤ᠂ ᠴᠢᠶᠠᠨ ᠶᠢᠨ ᠭᠸᠦ ᠪᠠᠯᠭᠠᠰᠤᠨ ᠤ ᠡᠷᠦᠬᠡ ᠠᠮᠠ ᠶᠢᠨ ᠲᠠᠩᠰᠠ ᠲᠠᠢ ᠬᠡᠦᠬᠡᠳ ᠢ ᠡᠯᠰᠡᠨ᠎ᠡ᠃ | 5. ᠲᠠᠪᠤᠳᠤᠭᠠᠷ ᠪᠠᠭ᠎ᠠ ᠰᠤᠷᠭᠠᠭᠤᠯᠢ ᠨᠢ ᠪᠤᠤᠴᠠᠩ ᠪᠠᠯᠭᠠᠰᠤ ︵ᠶᠢᠦ ᠶᠢ ᠲᠣᠰᠬᠤᠨ᠂ ᠰᠢᠶᠠᠩ ᠶᠠᠩ | ᠲᠣᠰᠬᠤᠨ᠂ ᠲᠤᠸᠠᠨ ᠵᠢᠶᠧ ᠲᠣᠰᠬᠤᠨ᠂ ᠡᠤ ᠵᠢᠩ ᠲᠣᠰᠬᠤᠨ᠂ ᠱᠧᠩ ᠯᠢ ᠲᠣᠰᠬᠤᠨ᠂ ᠹᠦ᠋ ᠰᠢᠩ ᠲᠣᠰᠬᠤᠨ᠂ | ᠱᠦ ᠭᠤᠸᠠᠩ ᠲᠣᠰᠬᠤᠨ᠂ ᠹᠠᠨ ᠮᠤᠤ ᠲᠣᠰᠬᠤᠨ᠂ ᠦ᠋ ᠹᠦ᠋ ᠲᠣᠰᠬᠤᠨ︶ ᠵᠢᠴᠢ ᠬᠤᠩ ᠴᠢ ᠪᠠᠯᠭᠠᠰᠤ᠂ ᠰᠢᠩ ᠹᠦ᠋ | ᠰᠢᠶᠠᠩ ᠤᠨ ᠡᠷᠦᠬᠡ ᠠᠮᠠ ᠲᠠᠢ ᠬᠡᠦᠬᠡᠳ ᠢ ᠡᠯᠰᠡᠨ᠎ᠡ᠃ | 6. ᠴᠢᠶᠠᠨ ᠶᠢᠨ ᠭᠧᠦ ᠪᠠᠭ᠎ᠠ ᠰᠤᠷᠭᠠᠭᠤᠯᠢ ᠨᠢ ᠴᠢᠶᠠᠨ ᠶᠢᠨ ᠭᠧᠦ ᠪᠠᠯᠭᠠᠰᠤᠨ ᠤ ᠡᠷᠦᠬᠡ ᠠᠮᠠ ᠶᠢᠨ | ᠳᠠᠩᠰᠠ ᠲᠠᠢ ᠬᠡᠦᠬᠡᠳ ᠢ ᠡᠯᠰᠡᠨ᠎ᠡ᠃ ᠴᠢᠶᠠᠨ ᠶᠢᠨ ᠭᠸᠦ ᠪᠠᠯᠭᠠᠰᠤᠨ ᠤ ᠡᠷᠦᠬᠡ ᠠᠮᠠ ᠲᠠᠢ ᠬᠡᠦᠬᠡᠳ ᠨᠢ ᠪᠠᠰᠠ | ᠳᠥᠷᠪᠡᠳᠦᠭᠡᠷ ᠪᠠᠭ᠎ᠠ ᠰᠤᠷᠭᠠᠭᠤᠯᠢ ᠳᠤ ᠣᠷᠣᠵᠤ ᠪᠣᠯᠤᠨ᠎ᠠ᠃ | 7. ᠯᠦᠸᠧ ᠲᠦᠸᠧ ᠱᠠᠨ ᠪᠠᠭ᠎ᠠ ᠰᠤᠷᠭᠠᠭᠤᠯᠢ ᠨᠢ ᠯᠦᠸᠧ ᠲᠦᠸᠧ ᠱᠠᠨ ᠪᠠᠯᠭᠠᠰᠤᠨ ᠤ ᠡᠷᠦᠬᠡ ᠠᠮᠠ ᠶᠢᠨ | ᠲᠠᠩᠰᠠ ᠲᠠᠢ ᠬᠡᠦᠬᠡᠳ ᠢ ᠡᠯᠰᠡᠨ᠎ᠡ᠃ ᠯᠦᠸᠧ ᠲᠦᠸᠧ ᠱᠠᠨ ᠪᠠᠯᠭᠠᠰᠤᠨ ᠤ ᠡᠷᠦᠬᠡ ᠠᠮᠠ ᠶᠢᠨ ᠲᠠᠩᠰᠠ ᠲᠠᠢ | ᠬᠡᠦᠬᠡᠳ ᠨᠢ ᠪᠠᠰᠠ ᠳᠥᠷᠪᠡᠳᠦᠭᠡᠷ ᠪᠠᠭ᠎ᠠ ᠰᠤᠷᠭᠠᠭᠤᠯᠢ ᠳᠤ ᠣᠷᠣᠵᠤ ᠪᠣᠯᠤᠨ᠎ᠠ᠃ | ︵ᠬᠤᠶᠠᠷ︶ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠬᠦᠷᠢᠶ᠎ᠡ ᠬᠡᠪᠴᠢᠶ᠎ᠡ | 1. ᠬᠤᠶᠠᠳᠤᠭᠠᠷ ᠳᠤᠮᠳᠠᠳᠤ ᠰᠤᠷᠭᠠᠭᠤᠯᠢ ᠨᠢ ᠪᠤᠤᠴᠠᠩ ᠪᠠᠯᠭᠠᠰᠤᠨ ᠤ 6 ᠨᠡᠶᠢᠭᠡᠮ ᠲᠣᠭᠤᠷᠢᠭ ᠲᠤ ᠡᠷᠦᠬᠡ | ᠠᠮᠠ ᠶᠢᠨ ᠲᠠᠩᠰᠠ ᠲᠠᠢ ᠰᠤᠷᠤᠭᠴᠢ ᠪᠤᠶᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠨᠢ ᠬᠤᠲᠠ ᠶᠢᠨ | ᠲᠣᠭᠤᠷᠢᠭ ᠲᠤ ᠭᠡᠷ ᠪᠠᠶᠢᠰᠢᠩ ᠬᠤᠳᠠᠯᠳᠤᠨ ᠠᠪᠤᠭᠰᠠᠨ ᠰᠤᠷᠤᠭᠴᠢ ᠶᠢ ᠡᠯᠰᠡᠨ᠎ᠡ᠃ ᠬᠠᠤᠯᠢ ᠪᠠᠷ ᠲᠣᠭᠲᠠᠭᠠᠭᠰᠠᠨ | ᠬᠢᠨᠠᠨ ᠬᠠᠮᠠᠭᠠᠯᠠᠬᠤ ᠬᠦᠮᠦᠨ ᠨᠢ ᠬᠠᠷᠢᠶ᠎ᠠ ᠣᠷᠣᠨ ᠳᠤ ᠬᠡᠷ ᠪᠠᠶᠢᠰᠢᠩ ᠬᠤᠳᠠᠯᠳᠤᠨ ᠠᠪᠤᠭᠰᠠᠨ ᠪᠤᠯ ᠰᠤᠷᠤᠭᠴᠢ | ᠡᠯᠰᠡᠬᠦ ᠤᠷᠤᠨ ᠲᠤᠭ᠎ᠠ ᠶᠢ ᠦᠨᠳᠦᠰᠦᠯᠡᠵᠦ ᠪᠠᠶᠢᠭᠠᠳ ᠭᠡᠷ ᠠᠴᠠ ᠨᠢ ᠬᠠᠮᠤᠭ ᠤᠶᠢᠷᠠᠬᠠᠨ ᠰᠤᠷᠭᠠᠭᠤᠯᠢ ᠶᠢ | ᠲᠤᠬᠢᠷᠠᠭᠤᠯᠵᠤ᠂ ᠤᠷᠤᠨ ᠲᠤᠭ᠎ᠠ ᠬᠦᠷᠦᠯᠴᠡᠬᠦ ᠥᠬᠡᠶ ᠪᠣᠯ ᠭᠡᠷ ᠠᠴᠠ ᠨᠢ ᠬᠠᠷᠢᠴᠠᠩᠭᠤᠶ ᠤᠶᠢᠷᠠᠬᠠᠨ ᠰᠤᠷᠭᠠᠭᠤᠯᠢ | ᠲᠣᠬᠢᠷᠠᠭᠤᠯᠤᠨ᠎ᠠ᠃ | 2. ᠭᠤᠷᠪᠠᠳᠤᠭᠠᠷ ᠳᠤᠮᠳᠠᠳᠤ ᠰᠤᠷᠭᠠᠭᠤᠯᠢ ᠨᠢ ᠪᠤᠤᠴᠠᠩ ᠪᠠᠯᠭᠠᠰᠤ ︵ᠬᠤᠩ ᠱᠧᠩ ᠲᠤᠰᠬᠤᠨ᠂ ᠪᠣᠣ ᠱᠧᠩ | ᠲᠤᠰᠬᠤᠨ᠂ ᠪᠢᠶᠠᠨ ᠴᠢᠶᠠᠩ ᠲᠤᠰᠬᠤᠨ᠂ ᠳ᠋ᠦᠩ ᠬᠤᠩ ᠲᠤᠰᠬᠤᠨ᠂ ᠬᠤᠸᠠᠩ ᠲᠦ᠋ ᠺᠧᠩ ᠲᠤᠰᠬᠤᠨ ᠂ ᠳ᠋ᠠ | ᠱᠠᠨ ᠭᠧᠦ ᠲᠤᠰᠬᠤᠨ᠂ ᠴᠧᠩ ᠪᠸᠢ ᠲᠤᠰᠬᠤᠨ᠂ ᠬᠤᠩ ᠳ᠋ᠠ ᠲᠤᠰᠬᠤᠨ᠂ ᠶᠢᠦ ᠶᠢ ᠲᠤᠰᠬᠤᠨ᠂ ᠰᠢᠶᠠᠩ ᠶᠠᠩ | ᠲᠤᠰᠬᠤᠨ᠂ ᠲᠤᠸᠠᠨ ᠵᠢᠶᠧ ᠲᠤᠰᠬᠤᠨ᠂ ᠡᠣ ᠵᠢᠩ ᠲᠤᠰᠬᠤᠨ᠂ ᠱᠧᠩ ᠯᠢ ᠲᠤᠰᠬᠤᠨ᠂ ᠹᠦ᠋ ᠰᠢᠩ ᠲᠤᠰᠬᠤᠨ ᠂ | ᠱᠤ᠋ ᠭᠤᠸᠠᠩ ᠲᠤᠰᠬᠤᠨ᠂ ᠹᠠᠨ ᠮᠤᠤ ᠲᠤᠰᠬᠤᠨ᠂ ᠡᠤ ᠹᠦ᠋ ᠲᠤᠰᠬᠤᠨ︶᠂ ᠯᠦᠸᠧ ᠲᠦᠸᠧ ᠱᠠᠨ ᠪᠠᠯᠭᠠᠰᠤ᠂ | ᠬᠤᠩ ᠴᠢ ᠪᠠᠯᠭᠠᠰᠤᠨ ᠤ ᠡᠷᠦᠬᠡ ᠠᠮᠠ ᠲᠠᠢ ᠰᠤᠷᠤᠭᠴᠢ ᠶᠢ ᠡᠯᠰᠡᠨ᠎ᠡ᠃ | 3᠂ ᠳᠥᠷᠪᠡᠳᠦᠭᠡᠷ ᠳᠤᠮᠳᠠᠳᠤ ᠰᠤᠷᠭᠠᠭᠤᠯᠢ ᠨᠢ ᠶᠦᠩ ᠹᠧᠩ ᠪᠠᠯᠭᠠᠰᠤ᠂ ᠴᠢᠶᠠᠨ ᠶᠢᠨ ᠭᠧᠦ ᠪᠠᠯᠭᠠᠰᠤ᠂ | ᠰᠢᠩ ᠹᠦ᠋ ᠰᠢᠶᠠᠩ ᠤᠨ ᠡᠷᠦᠬᠡ ᠠᠮᠠ ᠶᠢᠨ ᠳᠠᠩᠰᠠ ᠲᠠᠢ ᠰᠤᠷᠤᠭᠴᠢ ᠶᠢ ᠡᠯᠰᠡᠨ᠎ᠡ᠃ | ︵ᠭᠤᠷᠪᠠ︶ ᠭᠦᠨᠪᠣᠯᠠᠭ ᠰᠤᠷᠭᠠᠭᠤᠯᠢ ᠶᠢᠨ ᠰᠤᠷᠤᠭᠴᠢ ᠡᠯᠰᠡᠬᠦ ᠬᠦᠷᠢᠶ᠎ᠡ ᠬᠡᠪᠴᠢᠶ᠎ᠡ | ᠭᠦᠨᠪᠣᠯᠠᠭ ᠰᠤᠷᠭᠠᠭᠤᠯᠢ ᠨᠢ ᠭᠦᠨᠪᠣᠯᠠᠭ ᠰᠤᠮᠤᠨ ᠤ ᠰᠤᠷᠤᠭᠴᠢ ᠶᠢ ᠡᠯᠰᠡᠨ᠎ᠡ᠂ ᠪᠤᠰᠤᠳ ᠪᠠᠯᠭᠠᠰᠤ ᠲᠣᠰᠬᠤᠨ᠂ | ᠨᠡᠶᠢᠭᠡᠮ ᠲᠣᠭᠤᠷᠢᠭ ᠤᠨ ᠰᠤᠷᠤᠭᠴᠢᠳ ᠴᠤ ᠰᠠᠶᠢᠨ ᠲᠤᠷ᠎ᠠ ᠠᠴᠠ ᠪᠠᠨ ᠬᠦᠨᠪᠤᠯᠠᠭ ᠰᠤᠷᠭᠠᠭᠤᠯᠢ ᠳᠤ ᠰᠤᠷᠤᠯᠴᠠᠵᠤ | ᠪᠣᠯᠤᠨ᠎ᠠ᠃ ᠭᠦᠨᠪᠤᠯᠠᠭ ᠰᠤᠮᠤᠨ ᠤ ᠡᠷᠦᠬᠡ ᠠᠮᠠ ᠶᠢᠨ ᠲᠠᠩᠰᠠ ᠲᠠᠢ ᠰᠤᠷᠤᠭᠴᠢᠳ ᠴᠤ ᠬᠤᠰᠢᠭᠤᠨ ᠤ ᠳᠣᠲᠣᠷᠠᠬᠢ | ᠠᠯᠢ ᠴᠤ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠣᠯᠤᠨ᠎ᠠ᠃ | ᠳᠥᠷᠪᠡ᠂ ᠪᠣᠳᠠᠲᠠᠶ ᠠᠵᠢᠯ ᠤᠨ ᠲᠣᠬᠢᠷᠠᠭᠤᠯᠤᠯᠲᠠ | ︵ᠨᠢᠭᠡ︶ ᠴᠠᠭ ᠤᠨ ᠲᠣᠬᠢᠷᠠᠭᠤᠯᠤᠯᠲᠠ | 7 ᠰᠠᠷ᠎ᠠ ᠶᠢᠨ 1 ᠤ ᠡᠳᠦᠷ — 7 ᠰᠠᠷ᠎ᠠ ᠶᠢᠨ 31 ᠤ ᠡᠳᠦᠷ᠄ ᠡᠷᠦᠬᠡ ᠠᠮᠠ ᠶᠢᠨ ᠬᠠᠮᠢᠶᠠᠷᠤᠯᠳᠠ᠂ ᠬᠡᠷ | ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠷᠢᠯᠴᠠᠵᠤ᠂ ᠰᠤᠷᠭᠠᠭᠤᠯᠢ ᠳᠤ ᠣᠷᠣᠬᠤ ᠡᠷᠡᠮᠡᠯᠵᠡᠯ ᠢ | ᠰᠦᠯᠵᠢᠶᠡᠨ ᠲᠡᠭᠡᠷ᠎ᠡ ᠬᠢᠨᠠᠨ ᠬᠠᠷᠭᠤᠭᠤᠯᠤᠨ᠎ᠠ᠃ | 8 ᠰᠠᠷ᠎ᠠ ᠶᠢᠨ 1 ᠤ ᠡᠳᠦᠷ — 8 ᠰᠠᠷ᠎ᠠ ᠶᠢᠨ 15 ᠤ ᠡᠳᠦᠷ᠄ ᠴᠡᠴᠡᠷᠯᠢᠭ ᠠᠴᠠ ᠪᠠᠭ᠎ᠠ ᠰᠤᠷᠭᠠᠭᠤᠯᠢ ᠳᠤ | ᠤᠷᠤᠬᠤ ᠂ ᠪᠠᠭ᠎ᠠ ᠰᠤᠷᠭᠠᠭᠤᠯᠢ ᠠᠴᠠ ᠠᠩᠬ᠎ᠠ ᠲᠤᠮᠳᠠᠳᠤ ᠳᠤ ᠲᠡᠪᠰᠢᠬᠦ ᠮᠡᠳᠡᠭᠳᠡᠯ ᠤᠨ ᠪᠢᠴᠢᠭ ᠢ ᠲᠠᠷᠬᠠᠭᠠᠨ᠎ᠠ᠃ | 8 ᠰᠠᠷ᠎ᠠ ᠶᠢᠨ 16 — 8 ᠰᠠᠷ᠎ᠠ ᠶᠢᠨ 25 ᠤ ᠡᠳᠦᠷ᠄ ᠰᠤᠷᠭᠠᠭᠤᠯᠢ ᠳᠤ ᠤᠷᠤᠬᠤ ᠪᠠᠨ | ᠬᠤᠶᠢᠰᠢᠯᠠᠭᠤᠯᠤᠭᠰᠠᠨ ᠰᠤᠷᠤᠭᠴᠢᠳ ᠤᠨ ᠭᠠᠷ ᠭᠦᠢᠴᠡᠳᠭᠡᠯ ᠢ ᠬᠢᠨ᠎ᠡ᠃ | 9 ᠰᠠᠷ᠎ᠠ ᠶᠢᠨ 1 ᠤ ᠡᠳᠦᠷ — 9 ᠰᠠᠷ᠎ᠠ ᠶᠢᠨ 30 ᠤ ᠡᠳᠦᠷ᠄ ᠪᠠᠭ᠎ᠠ ᠰᠤᠷᠭᠠᠭᠤᠯᠢ ᠪᠠ ᠠᠩᠬ᠎ᠠ ᠳᠤᠮᠳᠠᠳᠤ | ᠳᠤ ᠲᠡᠪᠰᠢᠭᠰᠡᠨ ᠰᠢᠨ᠎ᠡ ᠰᠣᠷᠣᠭᠴᠢ ᠶᠢᠨ ᠰᠤᠷᠭᠠᠭᠤᠯᠢ ᠶᠢᠨ ᠬᠠᠷᠢᠶᠠᠯᠠᠯ ᠢ ᠡᠯᠧᠺᠲᠷᠤᠨ ᠢᠶᠠᠷ ᠲᠠᠩᠰᠠᠯᠠᠨ᠎ᠠ᠃ | ︵ᠬᠤᠶᠠᠷ︶ ᠰᠤᠷᠭᠠᠭᠤᠯᠢ ᠳᠤ ᠤᠷᠤᠭᠰᠠᠨ ᠮᠡᠳᠡᠭᠳᠡᠯ ᠢ ᠲᠠᠷᠬᠠᠭᠠᠬᠤ | ᠭᠡᠷ ᠤᠨ ᠠᠬᠠᠮᠠᠳ ᠤᠨ ᠰᠦᠯᠵᠢᠶᠡᠨ ᠲᠡᠭᠡᠷᠡᠬᠢ ᠡᠷᠡᠮᠡᠯᠵᠡᠯ ᠢ ᠦᠨᠳᠦᠰᠦᠯᠡᠨ᠂ ᠡᠷᠦᠬᠡ ᠠᠮᠠ᠂ ᠭᠡᠷ | ᠪᠠᠶᠢᠰᠢᠩ ᠤᠨ ᠬᠠᠮᠢᠶᠠᠷᠤᠯᠲᠠ ᠪᠠ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠬᠠᠮᠢᠶ᠎ᠠ | ᠪᠦᠬᠦᠢ ᠲᠤᠭ᠎ᠠ ᠪᠠᠷᠢᠮᠲᠠ ᠲᠠᠢ ᠬᠠᠷᠢᠴᠠᠭᠤᠯᠵᠤ᠂ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠡᠯ᠎ᠡ ᠰᠤᠷᠭᠠᠭᠤᠯᠢ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠦᠨᠳᠦᠰᠦᠯᠡᠵᠦ ᠪᠠᠶᠢᠭᠠᠳ ︽ | ᠰᠤᠷᠭᠠᠭᠤᠯᠢ ᠳᠤ ᠤᠷᠤᠭᠰᠠᠨ ᠮᠡᠳᠡᠭᠳᠡᠯ ᠤᠨ ᠪᠢᠴᠢᠭ︾ ᠢ ᠭᠠᠷᠭᠠᠬᠤ ᠶᠢᠨ ᠬᠠᠮᠳᠤ ᠡᠯ᠎ᠡ ᠬᠡᠦᠬᠡᠳ ᠤᠨ ᠴᠡᠴᠡᠷᠯᠢᠭ᠂ | ᠪᠠᠭ᠎ᠠ ᠰᠤᠷᠭᠠᠭᠤᠯᠢ ᠳᠤ ᠴᠠᠭ ᠲᠤᠬᠠᠢ ᠳᠤ ᠨᠢ ᠬᠦᠷᠭᠡᠵᠦ᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠨᠢ | ᠭᠡᠷ ᠤᠨ ᠠᠬᠠᠮᠠᠳ ᠲᠤ ᠭᠠᠷᠳᠠᠭᠤᠯᠤᠨ᠎ᠠ᠃ ᠭᠡᠷ ᠤᠨ ᠠᠬᠠᠮᠠᠳ ᠨᠢ ︽ᠮᠡᠳᠡᠭᠳᠡᠯ ᠤᠨ ᠪᠢᠴᠢᠭ︾ ᠢ ᠭᠠᠷᠳᠠᠭᠰᠠᠨ ᠤ | ᠳᠠᠷᠠᠭ᠎ᠠ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠦᠶ᠎ᠡ ᠳᠤ ︽ᠮᠡᠳᠡᠭᠳᠡᠯ ᠤᠨ ᠪᠢᠴᠢᠭ︾ ᠢᠶᠠᠨ ᠠᠪᠴᠤ | ᠵᠢᠭᠠᠨ ᠲᠣᠭᠲᠠᠭᠠᠭᠰᠠᠨ ᠰᠤᠷᠭᠠᠭᠤᠯᠢ ᠳᠤ ᠬᠦᠷᠴᠦ ᠬᠡᠦᠭᠡᠳ ᠤᠨ ᠢᠶᠠᠨ ᠨᠡᠷ᠎ᠡ ᠶᠢ ᠮᠡᠳᠡᠬᠦᠯᠦᠨ᠎ᠡ᠃ | ︵ᠭᠤᠷᠪᠠ︶ ᠬᠠᠮᠢᠶ᠎ᠠ ᠪᠦᠬᠦᠢ ᠱᠠᠭᠠᠷᠳᠠᠯᠭ᠎ᠠ | 1. ᠰᠦᠯᠵᠢᠶᠡᠨ ᠳᠡᠭᠡᠷ᠎ᠡ ᠰᠤᠷᠭᠠᠭᠤᠯᠢ ᠳᠤ ᠣᠷᠣᠬᠤ ᠡᠷᠡᠮᠡᠯᠵᠡᠯ ᠢ ᠭᠦᠢᠴᠡᠳᠭᠡᠬᠦ ᠳᠤ ᠳᠣᠤᠷᠠᠬᠢ ᠮᠡᠲᠦ | ᠮᠠᠲ᠋ᠧᠷᠢᠶᠠᠯ ᠢ ᠤᠷᠢᠳᠴᠢᠯᠠᠨ ᠪᠡᠯᠡᠳᠬᠡᠬᠦ ᠬᠡᠷᠡᠭᠲᠡᠶ᠄ | ︵1︶ ᠭᠡᠷ ᠤᠨ ᠠᠬᠠᠮᠠᠳ ᠪᠠ ᠬᠡᠦᠬᠡᠳ ᠤᠨ ᠡᠷᠦᠬᠡ ᠠᠮᠠ ᠶᠢᠨ ᠳᠡᠪᠲᠡᠷ᠃ ᠪᠠᠭ᠎ᠠ ᠰᠤᠷᠭᠠᠭᠤᠯᠢ ᠳᠤ | ᠤᠷᠤᠬᠤ ᠬᠡᠦᠬᠡᠳ ᠨᠢ ᠪᠠᠰᠠ ᠲᠦᠷᠦᠭᠰᠡᠨ ᠤ ᠠᠨᠠᠭᠠᠬᠤ ᠤᠬᠠᠭᠠᠨ ᠤ ᠭᠡᠷᠡᠴᠢ ᠶᠢ ᠬᠠᠩᠭᠠᠨ᠎ᠠ᠃ | ︵2︶ ᠬᠤᠰᠢᠭᠤ ᠲᠣᠭᠤᠷᠢᠭ ᠲᠤ ᠣᠷᠣᠨ ᠰᠠᠭᠤᠴᠠ ᠲᠠᠢ ᠬᠥᠳᠡᠭᠡ ᠲᠣᠰᠬᠤᠨ ᠤ ᠡᠷᠦᠬᠡ ᠪᠤᠶᠤ ᠬᠤᠰᠢᠭᠤ | ᠲᠣᠭᠤᠷᠢᠭ ᠲᠠᠬᠢ ᠡᠷᠦᠬᠡ ᠠᠮᠠ ᠶᠢᠨ ᠳᠠᠩᠰᠠ ᠨᠢ ᠪᠣᠳᠠᠲᠠᠶ ᠰᠠᠭᠤᠭ᠎ᠠ ᠭᠠᠵᠠᠷ ᠲᠠᠢ ᠪᠠᠨ ᠨᠢᠭᠡᠳᠦᠯ ᠥᠬᠡᠶ ᠡᠷᠦᠬᠡ | ᠪᠤᠯ᠂ ᠭᠡᠷ ᠤᠨ ᠠᠬᠠᠮᠠᠳ ᠪᠠ ᠬᠡᠤᠬᠡᠳ ᠤᠨ ᠡᠷᠦᠬᠡ ᠠᠮᠠ ᠶᠢᠨ ᠳᠡᠪᠲᠡᠷ᠂ ᠣᠷᠣᠨ ᠰᠠᠭᠤᠴᠠ ᠶᠢᠨ ᠦᠮᠴᠢᠯᠡᠯ | ᠤᠨ ᠡᠷᠬᠡ ᠶᠢᠨ ᠮᠠᠲ᠋ᠧᠷᠢᠶᠠᠯ ︵ᠬᠡᠷ ᠬᠥᠷᠥᠩᠭᠡ ᠶᠢᠨ ᠦᠨᠡᠮᠯᠡᠯ᠂ ᠠᠳᠠᠯ ᠠᠬᠤᠶ ᠶᠢᠨ ᠰᠦᠢᠳᠭᠡᠯ᠂ ᠲᠤᠯᠠᠭᠠᠯᠠᠭ᠎ᠠ | ᠶᠢᠨ ᠰᠦᠢᠳᠬᠡᠯ ᠤᠨ ᠪᠢᠯᠧᠲ᠂ ᠤᠰᠤ ᠴᠠᠬᠢᠯᠭᠠᠨ ᠤ ᠰᠦᠢᠳᠬᠡᠯ ᠲᠤᠰᠢᠶᠠᠭᠰᠠᠨ ᠪᠠᠷᠢᠮᠳᠠ ᠵᠡᠷᠭᠡ︶ ᠢ ᠬᠠᠩᠭᠠᠬᠤ | ᠭᠡᠷᠡᠭᠳᠡᠢ᠃ | ︵3︶ 2023 ᠣᠨ ᠤ 8 ᠰᠠᠷ᠎ᠠ ᠶᠢᠨ 31 ᠤ ᠡᠳᠦᠷ ᠠᠴᠠ ᠡᠮᠦᠨ᠎ᠡ ᠡᠷᠦᠬᠡ ᠠᠮᠠ ᠶᠢᠨ ᠲᠠᠩᠰᠠ ᠪᠠᠨ | ᠰᠢᠯᠵᠢᠬᠦᠯᠦᠭᠰᠡᠨ ᠬᠡᠷ ᠪᠦᠯᠢ ᠪᠤᠯ ᠰᠢᠯᠵᠢᠭᠰᠡᠨ ᠤ ᠳᠠᠷᠠᠭᠠᠬᠢ ᠰᠠᠭᠤᠭ᠎ᠠ ᠭᠠᠵᠠᠷ ᠠᠴᠠ ᠨᠢ ᠤᠶᠢᠷᠠᠬᠠᠨ ᠰᠤᠷᠭᠠᠭᠤᠯᠢ | ᠶᠢ ᠲᠤᠬᠢᠷᠠᠭᠤᠯᠵᠤ᠂ 2023 ᠣᠨ ᠤ 9 ᠰᠠᠷ᠎ᠠ ᠶᠢᠨ 1 ᠤ ᠡᠳᠦᠷ ᠠᠴᠠ ᠬᠤᠶᠢᠰᠢ ᠡᠷᠦᠬᠡ ᠠᠮᠠ ᠶᠢᠨ ᠲᠠᠩᠰᠠ | ᠪᠠᠨ ᠰᠢᠯᠵᠢᠬᠦᠯᠦᠭᠰᠡᠨ ᠪᠤᠯ ᠰᠢᠯᠵᠢᠬᠦᠯᠬᠦ ᠠᠴᠠ ᠡᠮᠦᠨᠡᠬᠢ ᠰᠠᠭᠤᠭ᠎ᠠ ᠭᠠᠵᠠᠷ ᠠᠴᠠ ᠨᠢ ᠤᠶᠢᠷᠠᠬᠠᠨ ᠰᠤᠷᠭᠠᠭᠤᠯᠢ ᠳᠤ | ᠶᠢ ᠲᠤᠬᠢᠷᠠᠭᠤᠯᠤᠨ᠎ᠠ᠃ | ︵4︶ ᠬᠡᠷᠪᠡ ᠰᠦᠯᠵᠢᠶᠡᠨ ᠳᠡᠭᠡᠷ᠎ᠡ ᠡᠷᠡᠮᠡᠯᠵᠡᠯᠡᠬᠦ ᠪᠠ ᠬᠢᠨᠠᠨ ᠬᠠᠷᠭᠤᠭᠤᠯᠬᠤ ᠠᠵᠢᠯ ᠳᠤ ᠰᠠᠨᠠᠯ ᠲᠠᠢ ᠪᠠᠶᠢᠪᠠᠯ | ᠂ ᠰᠤᠷᠭᠠᠭᠤᠯᠢ ᠳᠤ ᠣᠷᠣᠬᠤ ᠮᠡᠳᠡᠭᠳᠡᠯ ᠤᠨ ᠪᠢᠴᠢᠭ ᠢ ᠣᠯᠵᠤ ᠠᠪᠤᠭᠰᠠᠨ ᠤ ᠲᠠᠷᠠᠭ᠎ᠠ 5 ᠡᠳᠦᠷ ᠤᠨ ᠳᠣᠲᠣᠷ᠎ᠠ | ᠰᠤᠷᠭᠠᠨ ᠬᠥᠮᠦᠵᠢᠯ ᠤᠨ ᠲᠤᠪᠴᠢᠶᠠᠨ ᠤ ᠰᠠᠭᠤᠷᠢ ᠰᠤᠷᠭᠠᠨ ᠬᠥᠮᠦᠵᠢᠯ ᠤᠨ ᠠᠯᠪᠠᠨ ᠬᠡᠷ ᠲᠤ ᠣᠴᠢᠵᠤ ᠲᠠᠬᠢᠨᠳᠠ | ᠬᠢᠨᠠᠨ ᠬᠠᠷᠭᠤᠭᠤᠯᠵᠤ ᠪᠣᠯᠤᠨ᠎ᠠ᠂ ᠭᠡᠬᠦ ᠳᠡᠭᠡᠨ ᠳᠡᠭᠡᠷ᠎ᠡ ᠳᠤᠷᠠᠳᠤᠭᠰᠠᠨ ︵1︶᠂ ︵2︶ ᠳᠤ ᠱᠠᠭᠠᠷᠳᠠᠭᠰᠠᠨ | ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠶ᠃ | 2. ᠰᠤᠷᠤᠭᠴᠢ ᠡᠯᠰᠡᠬᠦ ᠲᠥᠯᠥᠪᠯᠡᠭᠡ ᠶᠢ ᠵᠦᠢ ᠵᠣᠬᠢᠰᠲᠠᠶ ᠲᠣᠭᠲᠠᠭᠠᠵᠤ᠂ ᠲᠣᠭᠲᠠᠭᠠᠭᠰᠠᠨ ᠬᠦᠮᠦᠨ ᠲᠤᠭ᠎ᠠ | ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠪᠠᠭ᠎ᠠ ᠰᠤᠷᠭᠠᠭᠤᠯᠢ ᠶᠢᠨ ᠠᠩᠭᠢ ᠨᠢᠭᠡᠪᠦᠷᠢ ᠶᠢ 45 ᠬᠥᠮᠦᠨ ᠢᠶᠠᠷ | ᠬᠢᠵᠠᠭᠠᠷᠯᠠᠵᠤ᠂ ᠠᠩᠬ᠎ᠠ ᠳᠤᠮᠳᠠᠳᠤ ᠶᠢᠨ ᠠᠩᠭᠢ ᠨᠢᠭᠡᠪᠦᠷᠢ ᠶᠢ 50 ᠬᠥᠮᠦᠨ ᠢᠶᠠᠷ ᠬᠢᠵᠠᠭᠠᠷᠯᠠᠨ᠎ᠠ᠃ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠯ᠎ᠡ ᠰᠤᠷᠭᠠᠭᠤᠯᠢ ᠶᠢᠨ ᠰᠤᠷᠤᠭᠴᠢ ᠡᠯᠰᠡᠭᠰᠡᠨ ᠪᠠᠶᠢᠳᠠᠯ ᠢ | ᠴᠠᠭ ᠲᠤᠬᠠᠶ ᠳᠤᠨᠢ ᠬᠤᠷᠢᠶᠠᠩᠭᠤᠶᠢᠯᠠᠵᠤ᠂ ᠬᠥᠮᠦᠨ ᠲᠤᠭ᠎ᠠ ᠨᠢ ᠬᠡᠲᠦᠷᠡᠭᠰᠡᠨ ᠪᠤᠶᠤ ᠲᠤᠳᠠᠭᠰᠠᠨ ᠪᠤᠯ ᠴᠠᠭ | ᠲᠤᠬᠠᠶ ᠳᠤᠨᠢ ᠲᠣᠬᠢᠷᠠᠭᠤᠯᠤᠯᠲᠠ ᠬᠢᠵᠦ᠂ ᠡᠯ᠎ᠡ ᠰᠤᠷᠭᠠᠭᠤᠯᠢ ᠶᠢᠨ ᠲᠥᠯᠥᠪᠯᠡᠭᠡ ᠠᠴᠠ ᠪᠠᠨ ᠲᠠᠪᠠᠵᠤ ᠰᠤᠷᠤᠭᠴᠢ | ᠡᠯᠰᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠮᠡᠳᠡᠭᠳᠡᠯ ᠤᠨ ᠪᠢᠴᠢᠭ ᠢᠶᠠᠨ ᠭᠠᠷᠳᠠᠭᠰᠠᠨ ᠪᠠᠶᠢᠳᠠᠯ᠎ᠠ ᠪᠠᠨ | ᠰᠤᠷᠭᠠᠭᠤᠯᠢ ᠡᠬᠢᠯᠡᠭᠰᠡᠨ ᠨᠢᠭᠡ ᠭᠠᠷᠠᠭ ᠤᠨ ᠳᠣᠲᠣᠷ᠎ᠠ ᠨᠡᠷ᠎ᠡ ᠪᠠᠨ ᠮᠡᠳᠡᠭᠦᠯᠦᠭᠰᠡᠨ ᠦᠭᠡᠢ ᠰᠤᠷᠤᠭᠴᠢ ᠪᠠᠶᠢᠪᠠᠯ᠂ | ᠰᠤᠷᠭᠠᠭᠤᠯᠢ ᠠᠴᠠ ᠤᠴᠢᠷ ᠰᠢᠯᠲᠠᠭᠠᠨ ᠢ ᠨᠢ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠬᠤᠰᠢᠭᠤᠨ ᠤ ᠵᠠᠰᠠᠭ ᠤᠨ | ᠣᠷᠳᠣᠨ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ᠂ ᠵᠦᠢ ᠶᠣᠰᠣᠨ ᠤ | ᠤᠴᠢᠷ ᠰᠢᠯᠲᠠᠭᠠᠨ ᠦᠭᠡᠢ ᠪᠠᠷ ᠰᠤᠷᠭᠠᠭᠤᠯᠢ ᠳᠤ ᠣᠷᠣᠬᠤ ᠶᠢ ᠲᠡᠪᠴᠢᠭᠰᠡᠨ ᠪᠤᠯ᠂ ᠬᠤᠰᠢᠭᠤ ᠵᠠᠰᠠᠭ ᠤᠨ | ᠣᠷᠳᠣᠨ ᠳᠤ ᠮᠡᠳᠡᠬᠦᠯᠵᠦ ᠬᠠᠤᠯᠢ ᠶᠣᠰᠣᠭᠠᠷ ᠰᠤᠷᠭᠠᠭᠤᠯᠢ ᠳᠤ ᠣᠷᠣᠭᠤᠯᠬᠤ ᠶᠢ ᠱᠠᠭᠠᠷᠳᠠᠨ᠎ᠠ᠃ ᠣᠨᠴᠠᠭᠠᠶ | ᠪᠠᠶᠢᠳᠠᠯ ᠠᠴᠠ ᠪᠣᠯᠵᠣ ᠰᠤᠷᠭᠠᠭᠤᠯᠢ ᠳᠤ ᠣᠷᠣᠬᠤ ᠥᠬᠡᠶ᠂ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ | ᠴᠢᠬᠤᠯᠠᠲᠠᠶ ᠪᠤᠯ ᠭᠡᠷ ᠤᠨ ᠠᠬᠠᠮᠠᠳ ᠨᠢ ᠡᠷᠡᠮᠡᠯᠵᠡᠯ ᠭᠠᠷᠭᠠᠵᠤ᠂ ᠬᠤᠰᠢᠭᠤ ᠵᠠᠰᠠᠭ ᠤᠨ ᠣᠷᠳᠣᠨ ᠪᠠ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ᠎ᠡ᠃ ᠪᠡᠶ᠎ᠡ ᠮᠠᠬᠠᠪᠣᠳ ᠤᠨ | ᠰᠢᠯᠲᠠᠭᠠᠨ ᠠᠴᠠ ᠪᠣᠯᠵᠤ ᠰᠤᠷᠭᠠᠭᠤᠯᠢ ᠳᠤ ᠤᠷᠤᠬᠤ ᠶᠢ ᠬᠤᠶᠢᠰᠢᠯᠠᠭᠤᠯᠪᠠᠯ᠂ ᠬᠤᠰᠢᠭᠤ ᠰᠢᠶᠠᠨ ᠠᠴᠠ ᠳᠡᠭᠡᠭᠰᠢᠬᠢ | ᠡᠮᠨᠡᠯᠭᠡ ᠶᠢᠨ ᠬᠤᠷᠢᠶᠠᠨ ᠤ ᠭᠡᠷᠡᠴᠢ ᠪᠠᠷᠢᠮᠳᠠ ᠶᠢ ᠳᠠᠭᠠᠯᠳᠤᠭᠤᠯᠤᠭᠰᠠᠨ ᠪᠠᠶᠢᠬᠤ ᠬᠡᠷᠡᠭᠲᠡᠶ᠃ ᠬᠤᠶᠢᠰᠢᠯᠠᠭᠤᠯᠬᠤ | ᠬᠤᠭᠤᠴᠠᠭ᠎ᠠ ᠨᠢ ᠲᠤᠯᠤᠭᠠᠳ ᠪᠠᠰᠠ ᠰᠤᠷᠭᠠᠭᠤᠯᠢ ᠳᠠᠭᠠᠨ ᠤᠴᠢᠵᠤ ᠳᠡᠶᠢᠯᠬᠦ ᠦᠭᠡᠶ ᠪᠣᠯ ᠬᠤᠭᠤᠴᠠᠭ᠎ᠠ | ᠤᠷᠲᠤᠳᠬᠠᠬᠤ ᠡᠷᠡᠮᠡᠯᠵᠡᠯ ᠲᠡᠪᠰᠢᠬᠦᠯᠦᠨ᠎ᠡ᠃ ᠡᠯ᠎ᠡ ᠰᠤᠷᠭᠠᠭᠤᠯᠢ ᠶᠢᠨ ᠬᠢᠨ ᠰᠢᠯᠭᠠᠯᠲᠠ ᠶᠢᠨ ᠬᠡᠯᠪᠡᠷᠢ ᠪᠠᠷ | ᠰᠤᠷᠤᠭᠴᠢ ᠡᠯᠰᠡᠵᠦ ᠪᠤᠯᠬᠤ ᠦᠬᠡᠢ᠂ ᠡᠯ᠎ᠡ ᠲᠥᠷᠥᠯ ᠤᠨ ᠤᠷᠤᠯᠳᠤᠭᠠᠨ ᠲᠡᠮᠡᠴᠡᠭᠡᠨ ᠤ ᠠᠮᠵᠢᠯᠳᠠ ᠪᠠᠷ ᠰᠤᠷᠤᠭᠴᠢ | ᠡᠯᠰᠡᠬᠦ ᠦᠨᠳᠦᠰᠦᠯᠡᠯ ᠪᠣᠯᠭᠠᠵᠤ ᠪᠣᠯᠬᠤ ᠦᠭᠡᠶ᠃ | 3᠂ ᠪᠦᠬᠦ ᠤᠯᠤᠰ ᠤᠨ ᠰᠤᠷᠭᠠᠭᠤᠯᠢ ᠶᠢᠨ ᠬᠠᠷᠢᠶᠠᠯᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠰᠢᠰᠲ᠋ᠧᠮ ᠢ ᠭᠦᠢᠴᠡᠳ ᠠᠰᠢᠭᠯᠠᠨ᠂ ᠪᠠᠭ᠎ᠠ ᠰᠤᠷᠭᠠᠭᠤᠯᠢ ᠠᠴᠠ ᠠᠩᠬ᠎ᠠ ᠳᠤᠮᠳᠠᠳᠤ ᠳᠤ ᠳᠡᠪᠰᠢᠬᠦ ᠠᠵᠢᠯ ᠢ | ᠬᠡᠷᠡᠭᠵᠢᠭᠦᠯᠵᠦ᠂ ︽ᠬᠥᠮᠦᠨ ᠬᠠᠷᠢᠶ᠎ᠠ ᠶᠢ ᠨᠢᠭᠡᠳᠦᠯᠲᠡᠢ ᠪᠠᠶᠢᠯᠠᠭᠠᠬᠤ︾ ᠬᠡᠷᠡᠭᠲᠡᠢ᠃ ︽ᠨᠢᠭᠡ ᠬᠥᠮᠦᠨ ᠨᠢᠭᠡ | ᠬᠠᠷᠢᠶ᠎ᠠ᠂ ᠬᠠᠷᠢᠶ᠎ᠠ ᠨᠢ ᠬᠥᠮᠦᠨ ᠢᠶᠠᠨ ᠳᠠᠭᠠᠵᠤ ᠶᠠᠪᠤᠬᠤ︾ ᠲᠦᠷᠢᠮ ᠢ ᠴᠢᠩᠭ᠎ᠠ ᠬᠡᠷᠡᠭᠵᠢᠭᠦᠯᠵᠦ᠂ ᠰᠢᠰᠲ᠋ᠧᠮ | ᠨᠡᠭᠡᠭᠡᠬᠦ ᠦᠶ᠎ᠡ ᠳᠤ ᠰᠤᠷᠭᠠᠭᠤᠯᠢ ᠶᠢᠨ ᠬᠠᠷᠢᠶᠠᠯᠠᠯ ᠢ ᠰᠢᠯᠵᠢᠭᠦᠯᠬᠦ ᠬᠦᠢᠴᠡᠳᠭᠡᠯ ᠬᠢᠨ᠎ᠡ᠃ ᠰᠤᠷᠭᠠᠭᠤᠯᠢ ᠶᠢᠨ | ᠬᠠᠷᠢᠶᠠᠯᠠᠯ ᠢ ᠲᠤᠭᠳᠠᠭᠠᠭᠰᠠᠨ ᠤ ᠲᠠᠷᠠᠭ᠎ᠠ᠂ ᠰᠤᠷᠭᠠᠭᠤᠯᠢ ᠰᠢᠯᠵᠢᠬᠦ᠂ ᠰᠤᠷᠭᠠᠭᠤᠯᠢ ᠲᠡᠭᠦᠰᠬᠦ ᠪᠤᠶᠤ ᠬᠦᠮᠦᠨ ᠨᠢ | ᠦᠬᠡᠢ ᠪᠤᠯᠬᠤ ᠠᠴᠠ ᠪᠤᠰᠤᠳ ᠪᠠᠶᠢᠳᠠᠯ ᠳᠤ᠂ ᠶᠠᠮᠠᠷᠪᠠ ᠰᠤᠷᠭᠠᠭᠤᠯᠢ ᠪᠠ ᠬᠤᠪᠢ ᠬᠥᠮᠦᠨ ᠶᠠᠮᠠᠷᠪᠠ ᠰᠢᠯᠲᠠᠭ ᠢᠶᠠᠷ | ᠰᠤᠷᠭᠠᠭᠤᠯᠢ ᠶᠢᠨ ᠬᠠᠷᠢᠶᠠᠯᠠᠯ ᠢ ᠨᠢ ᠬᠦᠴᠦᠨ ᠦᠭᠡᠶ ᠪᠣᠯᠭᠠᠵᠤ ᠪᠣᠯᠬᠤ ᠦᠭᠡᠶ᠃ ᠶᠠᠮᠠᠷᠪᠠ ᠰᠤᠷᠭᠠᠭᠤᠯᠢ ᠳᠤ | ᠰᠤᠷᠭᠠᠭᠤᠯᠢ ᠶᠢᠨ ᠬᠠᠷᠢᠶᠠᠯᠠᠯ ᠦᠭᠡᠢ ᠰᠤᠷᠤᠭᠴᠢ ᠪᠠᠶᠢᠬᠤ ᠶᠢ ᠵᠥᠪᠰᠢᠶᠡᠷᠡᠬᠦ ᠦᠭᠡᠢ᠃ ᠰᠤᠷᠭᠠᠭᠤᠯᠢ ᠶᠢᠨ | ᠬᠠᠷᠢᠶᠠᠯᠠᠯ ᠤᠨ ᠳᠠᠩᠰᠠ ᠡᠪᠬᠡᠮᠡᠯ ᠢ ᠰᠤᠷᠭᠠᠭᠤᠯᠢ ᠠᠴᠠ ᠬᠠᠮᠢᠶᠠᠷᠤᠨ᠎ᠠ᠂ ᠰᠤᠷᠤᠭᠴᠢ ᠪᠠ ᠬᠠᠷᠢᠶ᠎ᠠ ᠰᠠᠯᠤᠩᠭᠢᠷᠠᠬᠤ | ᠪᠤᠶᠤ ᠦᠯᠦ ᠨᠡᠶᠢᠴᠡᠬᠦ ᠦᠵᠡᠭᠳᠡᠯ ᠭᠠᠷᠭᠠᠵᠤ ᠪᠣᠯᠬᠤ ᠦᠭᠡᠶ᠃ | ᠲᠠᠪᠤ᠂ ᠪᠠᠳᠤᠯᠠᠭᠠᠨ ᠤ ᠠᠷᠭ᠎ᠠ ᠬᠡᠮᠵᠢᠶ᠎ᠡ | ︵ᠨᠢᠭᠡ︶ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠯ᠎ᠡ ᠰᠤᠷᠭᠠᠭᠤᠯᠢ ᠨᠢ ᠲᠤᠷᠰᠢᠯᠲᠠ ᠶᠢᠨ | ᠠᠩᠭᠢ᠂ ᠭᠤᠤᠯᠳᠠᠯᠭ᠎ᠠ ᠲᠠᠢ ᠠᠩᠭᠢ ᠲᠣᠬᠢᠷᠠᠭᠤᠯᠬᠤ ᠶᠢ ᠴᠢᠩᠭ᠎ᠠ ᠴᠠᠭᠠᠵᠠᠯᠠᠵᠤ᠂ ᠰᠤᠷᠭᠠᠭᠤᠯᠢ ᠳᠤ ᠤᠷᠤᠬᠤ ᠪᠠᠨ | ᠬᠤᠶᠢᠰᠢᠯᠠᠭᠤᠯᠬᠤ ᠬᠦᠢᠴᠡᠳᠭᠡᠯ ᠬᠢᠭᠰᠡᠨ ᠥᠬᠡᠶ ᠰᠤᠷᠬᠤ ᠨᠠᠰᠤᠨ ᠤ ᠬᠡᠤᠬᠡᠳ ᠢ ᠴᠡᠴᠡᠷᠯᠢᠭ ᠲᠤ ᠰᠠᠭᠤᠯᠭᠠᠬᠤ ᠶᠢ | ᠴᠢᠩᠭ᠎ᠠ ᠴᠠᠭᠠᠵᠠᠯᠠᠬᠤ ᠬᠡᠷᠡᠭᠲᠡᠶ᠃ 8 ᠰᠠᠷ᠎ᠠ ᠶᠢᠨ ᠡᠬᠢ ᠪᠠᠷ ᠤᠬᠠᠭᠤᠯᠭ᠎ᠠ ᠶᠢᠨ ᠰᠠᠮᠪᠠᠷ᠎ᠠ᠂ ᠸᠢᠴᠠᠲ᠂ ᠰᠦᠯᠵᠢᠶ᠎ᠡ᠂ | ᠲᠧᠯᠸᠢᠰ ᠵᠡᠷᠭᠡ ᠣᠯᠠᠨ ᠵᠦᠢᠯ ᠤᠨ ᠬᠡᠯᠪᠡᠷᠢ ᠪᠠᠷ ᠲᠠᠮᠵᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠭᠡᠮ ᠳᠤ | ᠨᠡᠶᠢᠲᠡᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠭᠠᠯᠲᠠ ᠬᠢᠬᠦ ᠦᠬᠡᠢ ᠪᠠᠷ ᠭᠡᠷ ᠠᠴᠠ ᠨᠢ | ᠤᠶᠢᠷᠠᠬᠠᠨ ᠰᠤᠷᠭᠠᠭᠤᠯᠢ ᠳᠤ ᠤᠷᠤᠭᠤᠯᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠦᠬᠡᠮᠡᠯᠵᠢᠬᠦᠯᠬᠦ ᠭᠡᠷᠡᠭᠳᠡᠢ᠃ | ᠠᠰᠠᠭᠤᠨ ᠯᠠᠪᠯᠠᠬᠤ ᠤᠲᠠᠰᠤ᠄ 0479 - 5750789 | ︵ᠬᠤᠶᠠᠷ︶ ᠪᠠᠭᠰᠢ ᠨᠠᠷ ᠤᠨ ᠰᠣᠯᠢᠯᠴᠠᠭ᠎ᠠ ᠶᠢ ᠰᠠᠶᠢᠨ ᠬᠢᠨ᠎ᠡ᠃ ᠡᠯ᠎ᠡ ᠰᠤᠷᠭᠠᠭᠤᠯᠢ ᠶᠢᠨ ᠪᠣᠳᠠᠲᠠᠶ | ᠬᠡᠷᠡᠭᠴᠡᠭᠡ ᠶᠢ ᠦᠨᠳᠦᠰᠦᠯᠡᠨ᠂ ᠲᠡᠭᠦᠰᠬᠦ ᠠᠩᠬᠢ ᠶᠢᠨ ᠪᠠᠭᠰᠢ ᠶᠢ ᠲᠤᠰᠬᠠᠶ ᠪᠠᠭᠰᠢ ᠶᠢᠨ ᠶᠡᠷᠦᠩᠬᠡᠶ ᠲᠤᠭᠠᠨ ᠤ | 10% ᠠᠴᠠ ᠳᠣᠤᠷ᠎ᠠ ᠪᠠᠶᠢᠯᠭᠠᠬᠤ ᠥᠬᠡᠶ ᠵᠠᠷᠴᠢᠮ ᠢᠶᠠᠷ ᠰᠣᠯᠢᠯᠴᠠᠵᠤ᠂ ᠡᠯ᠎ᠡ ᠰᠤᠷᠭᠠᠭᠤᠯᠢ ᠶᠢᠨ ᠪᠠᠭᠰᠢ ᠶᠢᠨ | ᠡᠩᠨᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ ᠪᠠᠷ ᠲᠠᠮᠵᠢᠨ᠂ ᠡᠯ᠎ᠡ ᠰᠤᠷᠭᠠᠭᠤᠯᠢ ᠶᠢᠨ ᠪᠠᠭᠰᠢ ᠶᠢᠨ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠲᠡᠩᠴᠡᠭᠦᠷᠢᠰᠢᠭᠦᠯᠵᠦ᠂ ᠰᠤᠷᠭᠠᠭᠤᠯᠢ ᠰᠣᠩᠭᠤᠬᠤ᠂ ᠠᠩᠭᠢ ᠰᠣᠩᠭᠤᠬᠤ᠂ | ᠪᠠᠭᠰᠢ ᠰᠣᠩᠭᠤᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ | ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠰᠠᠨ | ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠡᠷᠭᠢᠯᠡᠬᠦ ᠨᠥᠬᠦᠴᠡᠯ ᠪᠠ ᠰᠤᠷᠭᠠᠭᠤᠯᠢ ᠡᠷᠭᠢᠯᠡᠬᠦ ᠬᠢᠷᠢ | ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠨᠢᠭᠡᠪᠦᠷᠢ ᠶᠢ ᠰᠠᠶᠢᠨ ᠡᠷᠬᠢᠯᠡᠬᠦ ᠭᠡᠷᠡᠭᠳᠡᠢ᠃ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠵᠤ᠂ ᠭᠠᠵᠠᠷ ᠵᠦᠢ ᠶᠢᠨ ᠪᠠᠶᠢᠷᠢᠯᠠᠯ ᠨᠢ ᠬᠠᠷᠢᠴᠠᠩᠭᠤᠶ ᠣᠶᠢᠷ᠎ᠠ ᠪᠠᠶᠢᠬᠤ᠂ ᠰᠤᠷᠭᠠᠭᠤᠯᠢ ᠡᠷᠬᠢᠯᠡᠬᠦ ᠬᠢᠷᠢ | ᠬᠡᠮᠵᠢᠶ᠎ᠡ ᠨᠢ ᠬᠠᠷᠢᠴᠠᠩᠭᠤᠶ ᠲᠡᠩᠴᠡᠭᠦᠷᠢᠲᠡᠶ ᠪᠠᠶᠢᠬᠤ ᠵᠠᠷᠴᠢᠮ ᠶᠣᠰᠣᠭᠠᠷ᠂ ᠡᠯ᠎ᠡ ᠰᠤᠷᠭᠠᠭᠤᠯᠢ ᠶᠢᠨ ᠰᠤᠷᠭᠠᠭᠤᠯᠢ | ᠡᠷᠬᠢᠯᠡᠬᠦ ᠵᠥᠷᠢᠶ᠎ᠡ ᠶᠢ ᠪᠠᠭᠠᠰᠬᠠᠬᠤ ᠬᠡᠷᠡᠭᠲᠡᠶ᠃ ᠰᠤᠷᠭᠠᠭᠤᠯᠢ ᠶᠢᠨ ᠬᠤᠪᠢᠶᠠᠷᠢᠯᠠᠯ ᠠᠴᠠ ᠪᠤᠯᠵᠤ ᠬᠤᠶᠠᠷ ᠬᠡᠣᠬᠡᠳ | ᠪᠤᠶᠤ ᠭᠤᠷᠪᠠᠨ ᠬᠡᠣᠬᠡᠳ ᠨᠢ ᠨᠢᠬᠡ ᠰᠤᠷᠭᠠᠭᠤᠯᠢ ᠳᠤ ᠤᠷᠤᠵᠤ ᠲᠡᠶᠢᠯᠦᠭᠰᠡᠨ ᠦᠬᠡᠢ ᠪᠤᠯ᠂ ᠭᠡᠷ ᠤᠨ ᠠᠬᠠᠮᠠᠳ | ᠨᠢ ᠬᠤᠶᠠᠷ ᠬᠡᠣᠬᠡᠳ ᠪᠤᠶᠤ ᠭᠤᠷᠪᠠᠨ ᠭᠡᠦᠭᠡᠳ ᠢᠶᠠᠨ ᠨᠢᠭᠡ ᠰᠤᠷᠭᠠᠭᠤᠯᠢ ᠳᠤ ᠤᠷᠤᠭᠤᠯᠬᠤ ᠶᠢ ᠡᠷᠡᠮᠡᠯᠵᠡᠯᠡᠵᠦ | ᠪᠤᠯᠤᠨ᠎ᠠ᠃ | ︵ᠲᠦᠷᠪᠡ︶ ᠭᠡᠷ ᠪᠦᠯᠢ ᠪᠠᠨ ᠲᠠᠭᠠᠵᠤ ᠨᠡᠬᠦᠭᠰᠡᠨ ᠬᠡᠦᠬᠡᠳ ᠤᠨ ᠰᠤᠷᠭᠠᠭᠤᠯᠢ ᠳᠤ ᠤᠷᠤᠬᠤ ᠠᠵᠢᠯ ᠢ | ᠰᠠᠶᠢᠨ ᠬᠢᠨ᠎ᠡ᠃ ︽ ᠤᠳᠤ ᠶᠢᠨ ᠰᠠᠭᠤᠭ᠎ᠠ ᠭᠠᠵᠠᠷ ᠤᠨ ᠵᠠᠰᠠᠭ ᠤᠨ ᠣᠷᠳᠣᠨ ᠢᠶᠠᠷ ᠭᠤᠤᠯ ᠪᠤᠯᠭᠠᠵᠤ᠂ | ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠤᠷᠤᠭᠤᠯᠬᠤ ᠪᠠᠷ ᠭᠤᠤᠯ ᠪᠣᠯᠭᠠᠬᠤ︾ ᠵᠠᠷᠴᠢᠮ ᠢ ᠪᠠᠷᠢᠮᠳᠠᠯᠠᠨ᠂ | ᠬᠤᠲᠠ ᠣᠷᠣᠵᠤ ᠬᠦᠴᠦ ᠶᠠᠪᠤᠭᠰᠠᠳ ᠤᠨ ᠦᠷ᠎ᠡ ᠬᠡᠦᠬᠡᠳ ᠢ ᠰᠤᠷᠭᠠᠭᠤᠯᠢ ᠳᠤ ᠣᠷᠣᠭᠤᠯᠬᠤ ᠠᠵᠢᠯ ᠢ ᠰᠠᠶᠢᠨ | ᠬᠢᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠨᠡᠶᠢᠳᠡᠮ | ᠬᠠᠮᠤᠷᠬᠤ ᠶᠢ ᠪᠡᠶᠡᠯᠡᠭᠦᠯᠦᠨ᠂ ᠭᠡᠷ ᠪᠦᠯᠢ ᠪᠠᠨ ᠲᠠᠭᠠᠵᠤ ᠨᠡᠬᠦᠭᠰᠡᠨ ᠬᠡᠦᠬᠡᠳ ᠲᠤ ᠠᠯᠪᠠᠨ ᠵᠢᠷᠤᠮ ᠤᠨ ᠰᠤᠷᠭᠠᠨ | ᠬᠥᠮᠦᠵᠢᠯ ᠢ ᠡᠷᠬᠡ ᠲᠡᠭᠰᠢ ᠪᠠᠷ ᠬᠦᠷᠳᠡᠭᠡᠬᠦ ᠭᠡᠷᠡᠭᠳᠡᠢ᠃ ᠨᠤᠳᠤᠭ ᠲᠠᠭᠠᠨ ᠪᠤᠴᠠᠵᠤ ᠢᠷᠡᠭᠰᠡᠨ ᠠᠶᠢᠯ ᠡᠷᠦᠬᠡ ᠪᠤᠯ | ᠡᠷᠦᠬᠡ ᠠᠮᠠ ᠶᠢᠨ ᠲᠠᠩᠰᠠ ᠶᠢ ᠨᠢ ᠦᠵᠡᠵᠦ ᠪᠠᠶᠢᠭᠠᠳ ᠲᠤᠬᠢᠷᠠᠮᠵᠢᠳᠠᠢ ᠰᠤᠷᠭᠠᠭᠤᠯᠢ ᠳᠤ ᠤᠷᠤᠭᠤᠯᠤᠨ᠎ᠠ᠂ | ᠰᠤᠷᠭᠠᠭᠤᠯᠢ ᠨᠢ ᠨᠡᠬᠦᠵᠦ ᠢᠷᠡᠭᠰᠡᠨ ᠪᠤᠶᠤ ᠪᠤᠴᠠᠵᠤ ᠢᠷᠡᠭᠰᠡᠨ ᠠᠶᠢᠯ ᠡᠷᠦᠬᠡ ᠶᠢᠨ ᠬᠡᠦᠭᠡᠳ ᠢ ᠬᠦᠯᠢᠶᠡᠨ ᠠᠪᠬᠤ | ᠦᠭᠡᠶ ᠪᠠᠶᠢᠵᠤ ᠪᠣᠯᠬᠤ ᠦᠭᠡᠶ᠃ | ︵ᠲᠠᠪᠤ︶ ︽ᠭᠤᠷᠪᠠᠨ ᠲᠥᠷᠥᠯ ᠤᠨ ᠵᠡᠮᠳᠡᠭ︾ ᠬᠡᠦᠬᠡᠳ ᠤᠨ ᠰᠤᠷᠭᠠᠭᠤᠯᠢ ᠳᠤ ᠣᠷᠣᠬᠤ ᠠᠵᠢᠯ ᠢ ᠰᠠᠶᠢᠨ | ᠬᠢᠨ᠎ᠡ᠃ ᠠᠩᠭᠢ ᠳᠠᠭᠠᠵᠤ ᠰᠤᠷᠤᠯᠴᠠᠵᠤ ᠪᠠᠶᠢᠭ᠎ᠠ ᠵᠡᠮᠳᠡᠭ ᠬᠡᠦᠬᠡᠳ ᠪᠠᠭᠠᠴᠤᠳ ᠢ ᠪᠣᠯ ᠰᠤᠷᠤᠭᠴᠢ ᠡᠯᠰᠡᠬᠦ ᠬᠦᠷᠢᠶ᠎ᠡ | ᠬᠡᠪᠴᠢᠶ᠎ᠡ ᠶᠣᠰᠣᠭᠠᠷ ᠭᠡᠷ ᠠᠴᠠ ᠨᠢ ᠤᠶᠢᠷᠠᠬᠠᠨ ᠰᠤᠷᠭᠠᠭᠤᠯᠢ ᠳᠤ ᠤᠷᠤᠭᠤᠯᠤᠨ᠎ᠠ᠂ ᠰᠤᠷᠭᠠᠭᠤᠯᠢ ᠨᠢ | ᠭᠠᠳᠠᠭᠤᠷᠴᠢᠯᠠᠬᠤ ᠪᠤᠶᠤ ᠬᠦᠯᠢᠶᠡᠨ ᠠᠪᠬᠤ ᠦᠭᠡᠶ ᠪᠠᠶᠢᠵᠤ ᠪᠣᠯᠬᠤ ᠦᠭᠡᠶ᠃ ᠡᠯ᠎ᠡ ᠰᠤᠷᠭᠠᠭᠤᠯᠢ ᠨᠢ ᠨᠥᠬᠦᠴᠡᠯ | ᠪᠦᠷᠢᠯᠳᠦᠭᠦᠯᠵᠦ ᠪᠠᠶᠢᠭᠠᠳ ᠬᠠᠷᠠᠭ᠎ᠠ᠂ ᠰᠤᠨᠤᠷ᠂ ᠤᠢ ᠮᠡᠳᠡᠷᠡᠯ ᠤᠨ ᠡᠪᠡᠳᠴᠢᠨ ᠨᠢ ᠬᠥᠩᠭᠡᠪᠲᠦᠷ ᠰᠢᠭ ᠵᠡᠮᠳᠡᠭ | ᠬᠡᠦᠬᠡᠳ ᠢ ᠠᠩᠬᠢ ᠳᠠᠭᠠᠭᠤᠯᠤᠨ ᠰᠤᠷᠤᠯᠴᠠᠭᠤᠯᠬᠤ ᠶᠢᠨ ᠬᠠᠮᠲᠤ᠂ ᠲᠡᠳᠡᠨ ᠳᠤ ᠰᠠᠶᠢᠨ ᠰᠠᠶᠢᠬᠠᠨ ᠰᠤᠷᠤᠯᠴᠠᠬᠤ | ᠣᠷᠴᠢᠨ ᠨᠦᠬᠦᠴᠡᠯ ᠢ ᠪᠣᠶ ᠪᠤᠯᠭᠠᠵᠤ ᠦᠭᠬᠦ ᠬᠡᠷᠡᠭᠲᠡᠶ᠃ ᠵᠡᠮᠳᠡᠭ ᠬᠡᠦᠬᠡᠳ ᠤᠨ ᠠᠩᠭᠢ ᠳᠠᠭᠠᠵᠤ ᠰᠤᠷᠤᠯᠴᠠᠬᠤ | ᠨᠥᠬᠦᠴᠡᠯ ᠨᠢ ᠪᠤᠰᠤᠳ ᠬᠡᠦᠬᠡᠳ ᠤᠨ ᠰᠤᠷᠭᠠᠭᠤᠯᠢ ᠳᠤ ᠣᠷᠣᠬᠤ ᠨᠥᠬᠦᠴᠡᠯ ᠯᠦᠭᠡ ᠠᠳᠠᠯᠢ ᠪᠠᠶᠢᠪᠠᠯ ᠵᠤᠬᠢᠨ᠎ᠠ᠂ | ᠣᠨᠴᠣᠭᠤᠶ ᠪᠠᠶᠢᠳᠠᠯ ᠳᠤ ᠵᠣᠬᠢᠰᠲᠠᠶ ᠠᠭᠤᠵᠢᠭᠤ ᠲᠠᠯᠪᠢᠵᠤ ᠪᠣᠯᠤᠨ᠎ᠠ᠃ ᠰᠤᠷᠭᠠᠭᠤᠯᠢ ᠳᠤ ᠣᠴᠢᠵᠤ ᠬᠢᠴᠢᠶᠡᠯ | ᠣᠷᠣᠵᠤ ᠳᠡᠶᠢᠯᠬᠦ ᠦᠭᠡᠶ ᠵᠡᠮᠳᠡᠭ ᠬᠡᠦᠬᠡᠳ ᠪᠠᠭᠠᠴᠤᠳ ᠲᠤ ᠰᠤᠷᠭᠠᠭᠤᠯᠢ ᠨᠢ ᠦᠢᠯᠡᠴᠢᠯᠡᠬᠡᠨ ᠤ ᠬᠡᠪᠴᠢᠶᠡᠨ | ᠲᠤᠳᠤᠷ᠎ᠠ ᠪᠠᠨ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠦᠢᠯᠡᠴᠢᠯᠡᠭᠡ ᠬᠢᠬᠦ ᠬᠡᠷᠡᠭᠲᠡᠶ᠃ | ︵ᠵᠢᠷᠭᠤᠭ᠎ᠠ︶ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ | ᠲᠤᠪᠴᠢᠶᠠᠨ ᠤ ᠬᠠᠮᠲᠤᠷᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ | ᠤᠨᠲᠠᠷᠠᠭᠠᠵᠤ ᠠᠪᠤᠷᠠᠨ ᠲᠤᠰᠠᠯᠠᠬᠤ ᠠᠵᠢᠯᠳᠠᠨ ᠤ ᠦᠷ᠎ᠡ ᠬᠡᠤᠬᠡᠳ ᠲᠤ ᠰᠤᠷᠭᠠᠨ ᠬᠥᠮᠦᠵᠢᠯ ᠤᠨ ᠬᠠᠷᠠᠭᠠᠯᠵᠠᠯ | ᠬᠦᠷᠳᠡᠭᠡᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠠᠵᠢᠯᠲᠠᠳ ᠤᠨ ᠦᠷ᠎ᠡ ᠬᠡᠤᠬᠡᠳ ᠨᠢ ᠠᠯᠢ ᠨᠢᠬᠡᠨ ᠳᠤᠮᠳᠠᠳᠤ ᠪᠠᠭ᠎ᠠ ᠰᠤᠷᠭᠠᠭᠤᠯᠢ ᠶᠢ | ᠰᠤᠩᠭᠤᠨ ᠰᠤᠷᠤᠯᠴᠠᠵᠤ ᠪᠣᠯᠤᠨ᠎ᠠ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ | ᠬᠥᠮᠦᠵᠢᠯ ᠤᠨ ᠲᠤᠪᠴᠢᠶᠠᠨ ᠤ ᠬᠠᠮᠳᠤᠷᠠᠨ ᠲᠠᠷᠬᠠᠭᠠᠭᠰᠠᠨ ︽ᠨᠢᠭᠡᠳᠦᠭᠡᠷ ᠹᠷᠣᠨᠲ ᠤᠨ ᠡᠮᠨᠡᠯᠭᠡ ᠶᠢᠨ ᠠᠵᠢᠯᠲᠠᠨ ᠤ | ᠦᠷ᠎ᠡ ᠬᠡᠤᠬᠡᠳ ᠤᠨ ᠰᠤᠷᠭᠠᠨ ᠬᠥᠮᠦᠵᠢᠯ ᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠰᠠᠶᠢᠨ ᠬᠢᠬᠦ ᠲᠤᠬᠠᠶ | ᠮᠡᠳᠡᠭᠳᠡᠯ︾ ᠤᠨ ᠱᠠᠭᠠᠷᠳᠠᠯᠭ᠎ᠠ ᠶᠤᠰᠤᠭᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ | ᠨᠢᠭᠡᠳᠦᠭᠡᠷ ᠹᠷᠣᠨᠲ ᠤᠨ ᠡᠮᠨᠡᠯᠭᠡ ᠶᠢᠨ ᠠᠵᠢᠯᠲᠠᠨ ᠤ ᠦᠷ᠎ᠡ ᠬᠡᠦᠭᠡᠳ ᠨᠢ ᠠᠯᠢ ᠨᠢᠬᠡᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠭᠠᠭᠤᠯᠢ ᠶᠢ ᠰᠣᠩᠭᠤᠨ ᠰᠤᠷᠤᠯᠴᠠᠵᠤ ᠪᠣᠯᠤᠨ᠎ᠠ᠃ ᠡᠬᠦᠨ ᠠᠴᠠ ᠭᠠᠳᠠᠨ᠎ᠠ᠂ | ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠤᠬᠡᠳ᠂ ᠬᠠᠷᠠᠭᠠᠯᠵᠠᠬᠤ ᠨᠥᠬᠦᠴᠡᠯ ᠳᠤ ᠨᠡᠶᠢᠴᠡᠭᠰᠡᠨ ᠠᠯᠪᠠ ᠬᠠᠭᠠᠵᠤ | ᠪᠠᠶᠢᠭ᠎ᠠ ᠴᠡᠷᠢᠭ ᠤᠨ ᠦᠷ᠎ᠡ ᠬᠡᠤᠬᠡᠳ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠪᠠᠭᠠᠲᠤᠷ ᠵᠢᠱᠢᠶᠡᠴᠢ ᠪᠠ ᠠᠯᠪᠠᠨ | ᠠᠵᠢᠯ ᠢᠶᠠᠷ ᠪᠡᠶ᠎ᠡ ᠦᠷᠡᠭᠳᠡᠭᠰᠡᠨ ᠪᠤᠶᠤ ᠵᠡᠮᠳᠡᠭ ᠪᠤᠯᠤᠭᠰᠠᠨ ᠴᠠᠭᠳᠠᠭ᠎ᠠ ᠶᠢᠨ ᠦᠷ᠎ᠡ ᠬᠡᠤᠬᠡᠳ᠂ ᠲᠤᠰ | ᠬᠤᠰᠢᠭᠤᠨ ᠳᠤ ᠢᠷᠡᠵᠦ ᠪᠠᠯᠠ ᠤᠷᠤᠭᠤᠯᠵᠤ ᠦᠢᠯᠡᠰ ᠪᠣᠰᠬᠠᠭᠰᠠᠨ ᠠᠵᠤ ᠠᠬᠤᠶᠢᠯᠠᠯᠲᠠᠨ ᠪᠠ ᠨᠥᠬᠦᠴᠡᠯ ᠳᠤ | ᠨᠡᠶᠢᠴᠡᠭᠰᠡᠨ ᠳᠡᠭᠡᠳᠦ ᠲᠠᠰ ᠤᠨ ᠴᠢᠳᠠᠪᠤᠷᠢᠲᠠᠨ ᠤ ᠦᠷ᠎ᠡ ᠬᠡᠤᠬᠡᠳ ᠵᠢᠴᠢ ᠬᠠᠷᠠᠭᠠᠯᠵᠠᠯ ᠤᠨ ᠨᠥᠬᠦᠴᠡᠯ ᠳᠤ ᠨᠡᠶᠢᠴᠡᠬᠦ | ᠪᠤᠰᠤᠳ ᠬᠥᠮᠦᠰ ᠤᠨ ᠦᠷ᠎ᠡ ᠬᠡᠤᠬᠡᠳ ᠤᠨ ᠰᠤᠷᠭᠠᠭᠤᠯᠢ ᠳᠤ ᠤᠷᠤᠬᠤ ᠶᠢ ᠪᠠᠲᠤᠯᠠᠵᠤ᠂ ᠬᠠᠮᠢᠶ᠎ᠠ ᠪᠥᠬᠦᠶ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠲᠦᠷᠢᠮ ᠲᠤᠭᠳᠠᠭᠠᠯ ᠶᠣᠰᠣᠭᠠᠷ ᠰᠤᠷᠭᠠᠭᠤᠯᠢ ᠶᠢ ᠲᠤᠬᠢᠷᠠᠭᠤᠯᠤᠨ᠎ᠠ᠃ | ︵ᠳᠤᠯᠤᠭ᠎ᠠ︶ ᠰᠤᠷᠤᠯᠭ᠎ᠠ ᠪᠠᠨ ᠳᠣᠷᠭᠤᠨ ᠵᠣᠭᠰᠣᠬᠤ ᠶᠢ ᠰᠠᠶᠢᠳᠤᠷ ᠡᠵᠡᠮᠳᠡᠨ ᠬᠢᠵᠠᠭᠠᠷᠯᠠᠨ᠎ᠠ᠃ ᠡᠯ᠎ᠡ | ᠰᠤᠷᠭᠠᠭᠤᠯᠢ ᠨᠢ ᠰᠤᠷᠤᠯᠭ᠎ᠠ ᠶᠢᠨ ᠬᠤᠭᠤᠴᠠᠭ᠎ᠠ ᠪᠤᠯᠭᠠᠨ ᠤ ᠨᠢᠭᠡᠳᠦᠭᠡᠷ ᠰᠠᠷ᠎ᠠ ᠳᠤ ︽ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠬᠤ ᠰᠠᠷ᠎ᠠ︾ ᠶᠢᠨ ᠰᠢᠷᠢᠰ ᠠᠵᠢᠯᠯᠠᠭ᠎ᠠ ᠥᠷᠨᠢᠭᠦᠯᠵᠦ᠂ ︽ᠨᠠᠰᠤᠨ ᠳᠤ ᠥᠯᠥ | ᠭᠦᠷᠦᠭᠰᠡᠳ ᠢ ᠬᠠᠮᠠᠭᠠᠯᠠᠬᠤ ᠬᠠᠤᠯᠢ︾᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠵᠡᠷᠭᠡ | ᠬᠠᠤᠯᠢ ᠲᠦᠷᠢᠮ ᠢ ᠤᠬᠠᠭᠤᠯᠬᠤ ᠶᠢᠨ ᠬᠠᠮᠲᠤ ︽ᠭᠠᠷᠠᠭ ᠢᠶᠠᠷ ᠬᠢᠨᠠᠨ ᠬᠠᠷᠭᠤᠭᠤᠯᠵᠤ᠂ ᠰᠠᠷ᠎ᠠ ᠪᠠᠷ ᠳᠡᠭᠡᠭᠰᠢ | ᠮᠡᠳᠡᠭᠦᠯᠬᠦ︾ ᠵᠠᠷᠴᠢᠮ ᠢ ᠪᠠᠷᠢᠮᠳᠠᠯᠠᠨ᠂ ᠰᠤᠷᠤᠯᠭ᠎ᠠ ᠵᠣᠭᠰᠣᠭᠰᠠᠨ ᠪᠠᠶᠢᠳᠠᠯ᠂ ᠰᠤᠷᠤᠯᠭ᠎ᠠ ᠵᠤᠭᠰᠤᠬᠤ ᠬᠠᠨᠳᠤᠰᠢ | ᠲᠠᠢ ᠰᠤᠷᠤᠭᠴᠢᠳ ᠤᠨ ᠪᠠᠶᠢᠳᠠᠯ ᠢ ᠬᠤᠷᠢᠶᠠᠩᠭᠤᠶᠢᠯᠠᠨ ᠮᠡᠳᠡᠬᠦᠯᠵᠦ᠂ ᠬᠡᠷ ᠪᠦᠯᠢ ᠲᠠᠢ ᠨᠢ ᠬᠠᠷᠢᠯᠴᠠᠬᠤ ᠮᠡᠳᠦ | ᠶᠢᠨ ᠠᠷᠭ᠎ᠠ ᠪᠠᠷ ᠢᠳᠬᠠᠨ ᠪᠤᠴᠠᠭᠠᠬᠤ ᠠᠵᠢᠯ ᠢ ᠰᠠᠶᠢᠨ ᠬᠢᠵᠦ᠂ ᠶᠠᠳᠠᠭᠤ ᠬᠦᠴᠢᠷᠳᠡᠯ ᠠᠴᠠ ᠪᠣᠯᠵᠣ | ᠰᠤᠷᠤᠯᠭ᠎ᠠ ᠪᠠᠨ ᠵᠤᠭᠰᠤᠬᠤ ᠦᠵᠡᠭᠳᠡᠯ ᠭᠠᠷᠬᠤ ᠶᠢ ᠬᠤᠷᠢᠭᠯᠠᠬᠤ ᠭᠡᠷᠡᠭᠳᠡᠢ᠃ | ︵ᠨᠠᠢᠮᠠ︶ ᠵᠣᠬᠢᠶᠠᠨ ᠪᠠᠶᠢᠭᠤᠯᠵᠤ ᠤᠳᠤᠷᠢᠳᠬᠤ ᠠᠵᠢᠯ ᠢ ᠴᠢᠩᠭᠠᠳᠬᠠᠨ᠎ᠠ᠃ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ | ᠲᠠᠶᠢᠹᠤᠰᠧ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠠᠢ᠃ ᠤᠳᠤᠷᠢᠳᠬᠤ ᠳᠤᠭᠤᠶᠢᠯᠠᠩ ᠤᠨ ᠭᠤᠣᠯ ᠡᠭᠦᠷᠭᠡ ᠬᠠᠷᠢᠭᠤᠴᠠᠯᠭ᠎ᠠ | ᠭᠡᠪᠡᠯ᠄ ᠬᠡᠷᠡᠭᠵᠢᠭᠦᠯᠬᠦ ᠠᠷᠭ᠎ᠠ ᠲᠦᠰᠦᠪ ᠢ ᠲᠣᠭᠲᠠᠭᠠᠵᠤ᠂ ᠬᠠᠮᠢᠶ᠎ᠠ ᠪᠦᠬᠦᠢ ᠲᠦᠷᠢᠮ ᠲᠤᠭᠳᠠᠭᠠᠯ ᠢ | ᠲᠡᠬᠦᠯᠳᠡᠷᠵᠢᠬᠦᠯᠦᠨ᠂ ᠰᠢᠯᠭᠠᠯᠲᠠ ᠬᠢᠵᠦ ᠰᠤᠷᠤᠭᠴᠢ ᠡᠯᠰᠡᠬᠦ᠂ ᠭᠡᠷ ᠠᠴᠠ ᠨᠢ ᠤᠶᠢᠷᠠᠬᠠᠨ ᠰᠤᠷᠭᠠᠭᠤᠯᠢ | ᠲᠣᠬᠢᠷᠠᠭᠤᠯᠬᠤ ᠦᠭᠡᠢ᠂ ᠰᠤᠷᠤᠭᠴᠢ ᠶᠢ ᠳᠤᠷ᠎ᠠ ᠪᠠᠷ ᠢᠶᠠᠨ ᠬᠦᠯᠢᠶᠡᠨ ᠠᠪᠬᠤ ᠵᠢᠴᠢ ᠳᠤᠷ᠎ᠠ ᠪᠠᠷ ᠢᠶᠠᠨ ᠰᠦᠢᠳᠬᠡᠯ | ᠬᠤᠷᠢᠶᠠᠬᠤ ᠵᠡᠷᠭᠡ ᠲᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠵᠠᠰᠠᠵᠤ | ᠴᠡᠭᠴᠡᠯᠡᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠰᠤᠷᠭᠠᠨ ᠬᠥᠮᠦᠵᠢᠯ ᠤᠨ ᠲᠤᠪᠴᠢᠶᠠᠨ ᠤ ᠰᠠᠭᠤᠷᠢ | ᠰᠤᠷᠭᠠᠨ ᠬᠥᠮᠦᠵᠢᠯ ᠤᠨ ᠲᠠᠰᠤᠭ ᠲᠤ ᠲᠤᠬᠢᠷᠠᠭᠤᠯᠪᠠ᠃ ᠬᠠᠷᠢᠯᠴᠠᠬᠤ ᠤᠲᠠᠰᠤ᠄ 0479 - 5750789 |