ᠲᠤᠭᠤᠷᠢᠨ ᠪᠠᠶᠢᠴᠠᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/6/25
  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠦᠨᠳᠦᠰᠦᠯᠡᠨ᠂  ᠬᠤᠰᠢᠭᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2024 ᠣᠨ ᠤ 6 ᠰᠠᠷ᠎ᠠ ᠶᠢᠨ 21 ᠤ ᠡᠳᠦᠷ ᠠᠴᠠ 8 ᠰᠠᠷ᠎ᠠ ᠶᠢᠨ 13 ᠤ ᠡᠳᠦᠷ ᠪᠣᠯᠲᠠᠯ᠎ᠠ ᠬᠤᠰᠢᠭᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠯᠦᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶ᠎ᠠ ᠵᠢᠴᠢ ᠡᠯ᠎ᠡ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠭᠡᠪ ᠤᠨ ᠲᠤᠭᠤᠷᠢᠨ ᠪᠠᠶᠢᠴᠠᠭᠠᠯᠳᠠ ᠬᠢᠵᠦ᠂  ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠴᠢᠶᠠᠨ ᠶᠢᠨ ᠭᠸᠤ ᠪᠠᠯᠭᠠᠰᠤᠨ ᠤ ᠨᠠᠮ ᠤᠨ ᠬᠤᠷᠢᠶ᠎ᠠ ᠵᠢᠴᠢ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠭᠡᠪ ᠤᠨ ᠲᠣᠭᠤᠷᠢᠨ ᠪᠠᠶᠢᠴᠠᠭᠠᠯᠲᠠ ᠬᠢᠵᠦ᠂ ᠭᠤᠷᠪᠠᠳᠤᠭᠠᠷ ᠲᠤᠭᠤᠷᠢᠨ ᠪᠠᠶᠢᠴᠠᠭᠠᠬᠤ ᠳᠤᠭᠤᠶᠢᠯᠠᠩ   ᠨᠢ ᠬᠤᠩ ᠴᠢ ᠪᠠᠯᠭᠠᠰᠤᠨ ᠤ ᠨᠠᠮ ᠤᠨ ᠬᠤᠷᠢᠶ᠎ᠠ ᠵᠢᠴᠢ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠭᠡᠪ ᠤᠨ ᠲᠤᠭᠤᠷᠢᠨ ᠪᠠᠶᠢᠴᠠᠭᠠᠯᠲᠠ ᠬᠢᠬᠦ ᠪᠠᠷ ᠲᠤᠭᠳᠠᠵᠠᠢ᠃    ᠲᠣᠭᠤᠷᠢᠨ ᠪᠠᠶᠢᠴᠠᠭᠠᠬᠤ ᠳᠤᠭᠤᠶᠢᠯᠠᠩ ᠨᠢ ᠨᠠᠮ ᠤᠨ ᠲᠥᠪ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠵᠢᠴᠢ ᠤᠯᠠᠨ ᠲᠦᠮᠡᠨ ᠤ ᠲᠤᠰᠬᠠᠯ ᠶᠡᠭᠡ ᠪᠠᠶᠢᠭ᠎ᠠ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠪᠣᠯᠤᠨ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠵᠢᠴᠢ ᠲᠣᠭᠤᠷᠢᠨ ᠪᠠᠶᠢᠴᠠᠭᠠᠬᠤ ᠬᠢᠨᠠᠨ ᠪᠤᠳᠤᠬᠤ ᠵᠡᠷᠭᠡ ᠬᠢᠨᠠᠯᠲᠠ ᠶᠠᠪᠤᠬᠤ ᠠᠵᠢᠯ ᠤᠨ ᠲᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠠᠩᠬᠠᠷᠤᠯ ᠢᠶᠠᠨ ᠲᠦᠪᠯᠡᠷᠡᠬᠦᠯᠵᠦ ᠬᠢᠨᠠᠯᠲᠠ ᠲᠠᠯᠪᠢᠨ᠎ᠠ᠃ ᠭᠤᠣᠯᠳᠠᠭᠤ ᠳᠡᠭᠡᠷ᠎ᠡ ᠳᠤᠷᠠᠳᠤᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠪᠠ ᠪᠠᠭ ᠤᠨ ᠭᠡᠰᠢᠬᠦᠳ᠂ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ  ᠂ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠪᠠ ᠪᠠᠭ ᠤᠨ ᠭᠡᠰᠢᠬᠦᠳ ᠤᠨ ᠠᠰᠠᠭᠤᠳᠠᠯ ᠢ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠡᠬᠦ ᠳᠡᠭᠡᠨ᠂ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠤᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ   ᠢ ᠢᠯᠡᠴᠢᠯᠡᠨ ᠲᠤᠰᠬᠠᠬᠤ ᠪᠠᠷ ᠭᠤᠤᠯ ᠪᠤᠯᠭᠠᠨ᠎ᠠ᠃ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠦᠯᠦ ᠪᠠᠭᠲᠠᠬᠤ ᠪᠤᠰᠤᠳ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ  ᠰᠢᠢᠳᠪᠦᠷᠢᠯᠡᠭᠦᠯᠦᠨ᠎ᠡ᠃     ᠬᠦᠯᠢᠶᠡᠨ ᠠᠪᠬᠤ ᠭᠠᠵᠠᠷ ᠪᠠ ᠢᠯᠡᠴᠢᠯᠡᠨ ᠲᠤᠰᠬᠠᠬᠤ ᠠᠷᠭ᠎ᠠ᠄     ᠨᠢᠭᠡᠳᠦᠭᠡᠷ ᠳᠤᠭᠤᠶᠢᠯᠠᠩ᠄  ᠯᠦᠸᠧ ᠲᠦᠸᠧ ᠱᠠᠨ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠲᠠᠰᠤᠭ︔ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠲᠠᠰᠤᠭ᠃  ᠢᠮᠧᠯ᠄ tqdyxcz@163.com᠂  ᠤᠳᠠᠰᠤ  ᠄ 18047902352᠃    ᠬᠤᠶᠠᠳᠤᠭᠠᠷ ᠳᠤᠭᠤᠶᠢᠯᠠᠩ᠄ ᠴᠢᠶᠠᠨ ᠶᠢᠨ ᠭᠸᠦ ᠪᠠᠯᠭᠠᠰᠤᠨ ᠤ ᠠᠯᠪᠠᠨ ᠠᠰᠠᠷ ᠤᠨ ᠨᠢᠭᠡᠳᠦᠭᠡᠷ ᠳᠠᠪᠬᠤᠷᠯᠢᠭ︔ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ  ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠲᠠᠰᠤᠭ᠃ ᠢᠮᠧᠯ᠄ tqdexcz@163.com᠂  ᠤᠳᠠᠰᠤ᠄ 18004792097᠃    ᠭᠤᠷᠪᠠᠳᠤᠭᠠᠷ ᠳᠤᠭᠤᠶᠢᠯᠠᠩ᠄ ᠬᠤᠩ ᠴᠢ ᠪᠠᠯᠭᠠᠰᠤᠨ ᠤ ᠠᠯᠪᠠᠨ ᠠᠰᠠᠷ ᠤᠨ ᠨᠢᠭᠡᠳᠦᠭᠡᠷ ᠳᠠᠪᠬᠤᠷᠯᠢᠭ︔ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠲᠠᠰᠤᠭ᠃  ᠢᠮᠧᠯ᠄ tqdsxcz@163.com ᠤᠳᠠᠰᠤ᠄ 18047909062᠃     ᠬᠦᠯᠢᠶᠡᠨ ᠠᠪᠬᠤ ᠴᠠᠭ᠄ 2024 ᠣᠨ ᠤ 6 ᠰᠠᠷ᠎ᠠ ᠶᠢᠨ 21 ᠤ ᠡᠳᠦᠷ ᠠᠴᠠ 8 ᠰᠠᠷ᠎ᠠ ᠶᠢᠨ 8 ᠤ ᠡᠳᠦᠷ ︵ᠦᠳᠡ ᠶᠢᠨ ᠡᠮᠦᠨ᠎ᠡ 8᠄ 30-12᠄ 00᠂ ᠦᠳᠡ ᠶᠢᠨ ᠬᠤᠶᠢᠨ᠎ᠠ 14᠄ 30 - 17᠄ 30︶᠃      ᠵᠠᠬᠢᠳᠠᠯ ᠤᠨ ᠬᠠᠶᠢᠷᠴᠠᠭ᠄  ᠬᠤᠰᠢᠭᠤᠨ ᠤ ᠨᠠᠮ ᠵᠠᠰᠠᠭ ᠤᠨ ᠠᠯᠪᠠᠨ ᠠᠰᠠᠷ ᠤᠨ ᠵᠠᠬᠢᠳᠠᠯ ᠰᠣᠷᠪᠤᠯᠵᠢᠯᠠᠭ᠎ᠠ ᠶᠢᠨ ᠲᠤᠪᠴᠢᠶᠠᠨ ᠤ ᠡᠬᠦᠳᠡ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠠᠯᠪᠠᠨ ᠠᠰᠠᠷ ᠤᠨ ᠡᠬᠦᠳᠡ᠂ ᠯᠦᠸᠧ ᠲᠦᠸᠧ ᠱᠠᠨ ᠪᠠᠯᠭᠠᠰᠤᠨ ᠤ ᠠᠯᠪᠠᠨ ᠠᠰᠠᠷ ᠤᠨ ᠡᠬᠦᠳᠡ᠂  ᠴᠢᠶᠠᠨ ᠶᠢᠨ ᠭᠧᠦ ᠪᠠᠯᠭᠠᠰᠤᠨ ᠤ ᠠᠯᠪᠠᠨ ᠠᠰᠠᠷ ᠤᠨ ᠡᠬᠦᠳᠡ᠂ ᠬᠤᠩ ᠴᠢ ᠪᠠᠯᠭᠠᠰᠤᠨ ᠤ ᠠᠯᠪᠠᠨ ᠠᠰᠠᠷ ᠤᠨ ᠡᠭᠦᠳᠡ᠃     ᠥᠷᠭᠡᠨ ᠤᠯᠠᠨ ᠺᠠᠳ᠋ᠷ ᠠᠵᠢᠯᠳᠠᠨ ᠪᠠ ᠤᠯᠠᠨ ᠲᠦᠮᠡᠨ ᠦᠨᠡᠨ ᠪᠤᠳᠠᠳᠠᠢ ᠪᠠᠷ ᠪᠠᠶᠢᠳᠠᠯ ᠢ ᠲᠤᠰᠬᠠᠬᠤ ᠪᠤᠯᠪᠠᠤ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号