ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠠᠵᠢᠯ ᠢ ᠦᠷᠭᠦᠯᠵᠢᠯᠡᠨ ᠭᠦᠨᠵᠡᠭᠡᠶ | ᠠᠬᠢᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠦᠯᠦᠭᠡ᠂ 6 ᠰᠠᠷ᠎ᠠ ᠶᠢᠨ 24 ᠤ | ᠡᠳᠦᠷ ᠪᠤᠤᠴᠠᠩ ᠪᠠᠯᠭᠠᠰᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠭᠤᠯᠵᠤ᠂ ᠡᠯ᠎ᠡ ᠨᠡᠶᠢᠭᠡᠮ ᠲᠣᠭᠤᠷᠢᠭ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠬᠤᠷᠠᠯ ᠳᠤ ᠣᠷᠣᠯᠴᠠᠪᠠ᠃ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ | ᠭᠡᠰᠢᠭᠦᠨ ᠶᠠᠩ ᠰᠢᠶᠤᠤ ᠾᠦᠢ ᠬᠤᠷᠠᠯ ᠢ ᠡᠷᠬᠢᠯᠡᠵᠦ᠂ ᠣᠷᠣᠨ᠂ ᠠᠶᠢᠮᠠᠭ᠂ ᠬᠤᠰᠢᠭᠤ ᠱᠠᠳᠤᠨ ᠤ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮᠵᠢᠯᠠᠭᠰᠠᠨ ᠤ | ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠨᠢᠭᠡ ᠳᠤ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ | ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡ ᠲᠦᠷᠦᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠬᠤ | ᠬᠡᠷᠡᠭᠲᠡᠶ᠃ ᠬᠤᠶᠠᠷ ᠲᠤ ᠰᠤᠷᠪᠤᠯᠵᠢᠯᠠᠨ ᠪᠠᠶᠢᠴᠠᠭᠠᠬᠤ᠂ ᠰᠤᠳᠤᠯᠤᠨ ᠮᠠᠭᠠᠳᠯᠠᠵᠤ ᠠᠵᠢᠯ ᠢ ᠰᠠᠶᠢᠨ ᠬᠢᠵᠦ᠂ | ᠪᠠᠶᠢᠳᠠᠯ ᠢ ᠲᠣᠳᠣᠷᠬᠠᠢ ᠡᠵᠡᠮᠰᠢᠨ᠂ ︽ᠲᠣᠣᠷ ᠠᠴᠠ ᠮᠤᠯᠳᠤᠷᠠᠬᠤ︾ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠭᠤᠷᠪᠠ ᠳᠤ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ ᠪᠠᠷ ᠠᠵᠠ ᠲᠣᠬᠢᠶᠠᠯ ᠪᠤᠯᠭᠠᠨ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠳᠤᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠡᠬᠦᠰᠴᠦ | ᠦᠷᠪᠢᠰᠬᠦ ᠬᠥᠷᠥᠰᠥ ᠶᠢ ᠲᠦᠢᠯᠪᠤᠷᠢᠲᠠᠢ ᠠᠷᠢᠯᠭᠠᠨ᠂ ︽ᠭᠦᠨ ᠮᠠᠯᠳᠠᠵᠤ ᠦᠨᠳᠦᠰᠦ ᠠᠴᠠ ᠨᠢ ᠵᠠᠰᠠᠬᠤ︾ | ᠬᠠᠷᠠᠯᠲᠠ ᠶᠢ ᠪᠡᠶᠡᠯᠡᠭᠦᠯᠵᠦ᠂ ᠪᠦᠬᠦ ᠪᠠᠯᠭᠠᠰᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠪᠠᠶᠢᠩᠭᠤ ᠶᠢᠨ ᠲᠡᠮᠡᠴᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠬᠡᠵᠦ ᠱᠠᠭᠠᠷᠳᠠᠭᠰᠠᠨ | ᠪᠠᠶᠢᠨ᠎ᠠ ᠃ |