ᠰᠢᠮᠠᠭᠤᠯ ᠠᠴᠠ ᠰᠡᠷᠭᠡᠶᠢᠯᠡᠬᠦ ᠦᠨᠦᠷᠳᠦ ᠤᠰᠤ ᠶᠢ ᠬᠡᠷᠬᠢᠨ ᠬᠤᠳᠠᠯᠳᠤᠨ ᠠᠪᠴᠤ ᠬᠡᠷᠡᠭᠯᠡᠬᠦ ᠪᠤᠢ︖
ᠨᠡᠶᠢᠲᠡᠯᠡᠭᠰᠡᠨ ᠴᠠᠭ᠄
2024/6/26
   ᠰᠤᠩᠭᠤᠵᠤ ᠠᠪᠬᠤ ᠳᠠᠭᠠᠨ ︽ᠳᠥᠷᠪᠡ ᠶᠢ ᠦᠵᠡᠬᠦ︾ ᠬᠡᠷᠡᠭᠲᠡᠢ᠄    ᠨᠢᠭᠡ ᠳᠤ ᠪᠤᠭᠤᠳᠠᠯ ᠢ ᠦᠵᠡᠨ᠎ᠡ᠃ ᠦᠢᠯᠡᠳᠬᠦᠨ ᠤ ᠪᠣᠭᠤᠳᠠᠯ ᠪᠠᠭᠯᠠᠭ᠎ᠠ ᠨᠢ ᠪᠦᠷᠢᠨ ᠪᠦᠲᠦᠨ᠂  ᠲᠠᠸᠠᠷ ᠤᠨ ᠱᠣᠰᠢᠭ᠎ᠠ ᠪᠠ ᠭᠡᠷᠡᠭᠯᠡᠯᠳᠡ ᠶᠢᠨ ᠲᠠᠶᠢᠯᠪᠤᠷᠢ ᠨᠢ ᠲᠣᠳᠣᠷᠬᠠᠢ ᠪᠠᠶᠢᠪᠠᠯ ᠵᠤᠬᠢᠨ᠎ᠠ᠃   ᠬᠤᠶᠠᠷ ᠲᠤ ︽ᠭᠤᠷᠪᠠᠨ ᠦᠨᠡᠮᠯᠡᠯ︾᠎ ᠢ ᠦᠵᠡᠨ᠎ᠡ᠃  ᠲᠤᠬᠠᠶᠢᠯᠠᠪᠠᠯ᠂ ᠲᠠᠷᠢᠶᠠᠨ ᠡᠮ ᠢ ᠳᠠᠩᠰᠠᠯᠠᠬᠤ ᠦᠨᠡᠮᠯᠡᠯ ᠎ ᠤᠨ ᠨᠤᠮᠧᠷ᠂ ᠦᠢᠯᠡᠳᠪᠦᠷᠢᠯᠡᠬᠦ ᠶᠢ ᠵᠦᠪᠰᠢᠶᠡᠷᠡᠭᠰᠡᠨ ᠦᠨᠡᠮᠯᠡᠯ ᠪᠤᠶᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠨᠤᠮᠧᠷ᠂ ᠦᠢᠯᠡᠳᠬᠦᠨ ᠤ ᠪᠠᠷᠢᠮᠵᠢᠶ᠎ᠠ ᠶᠢᠨ ᠨᠣᠮᠧᠷ ᠢ ᠵᠢᠭᠠᠵᠤ ᠪᠣᠶ᠃ ︽ᠭᠤᠷᠪᠠᠨ ᠦᠨᠡᠮᠯᠡᠯ︾᠎ ᠨᠢ ᠪᠦᠷᠢᠨ ᠪᠤᠰᠤ ᠦᠢᠯᠡᠳᠬᠦᠨ ᠢ ᠬᠤᠳᠠᠯᠳᠤᠨ ᠠᠪᠴᠤ ᠭᠡᠷᠡᠭᠯᠡᠬᠦ ᠦᠬᠡᠢ᠃    ᠭᠤᠷᠪᠠ ᠳᠤ  ᠪᠦᠷᠢᠯᠳᠦᠴᠡ ᠶᠢ ᠦᠵᠡᠨ᠎ᠡ᠃  ᠪᠦᠷᠢᠯᠳᠦᠴᠡ ᠠᠭᠤᠯᠤᠭᠳᠠᠴᠠ ᠶᠢ ᠲᠤᠳᠤᠷᠬᠠᠢ ᠬᠠᠳᠠᠭᠰᠠᠨ ᠦᠭᠡᠢ ᠦᠢᠯᠡᠳᠬᠦᠨ ᠪᠤᠯ ᠬᠤᠳᠠᠯᠳᠤᠨ ᠠᠪᠬᠤ ᠦᠭᠡᠢ᠃    ᠳᠦᠷᠪᠡ ᠳᠤ ᠡᠳᠦᠷ ᠰᠠᠷ᠎ᠠ ᠶᠢ ᠦᠵᠡᠨ᠎ᠡ᠃ ᠴᠢᠨᠠᠷ ᠢ ᠪᠠᠲᠤᠯᠠᠬᠤ ᠴᠠᠭ ᠬᠤᠭᠤᠴᠠᠭ᠎ᠠ ᠠᠴᠠ ᠭᠡᠳᠦᠷᠡᠭᠰᠡᠨ ᠦᠢᠯᠡᠳᠬᠦᠨ ᠢ ᠬᠤᠳᠠᠯᠳᠤᠨ ᠠᠪᠴᠤ ᠭᠡᠷᠡᠭᠯᠡᠬᠦ ᠦᠬᠡᠢ᠃    ᠬᠡᠷᠡᠭᠯᠡᠬᠦ ᠳᠡᠭᠡᠨ ᠳᠣᠣᠷᠠᠬᠢ ᠬᠡᠳᠦᠨ ᠵᠦᠢᠯ ᠢ ᠠᠩᠬᠠᠷᠬᠤ ᠬᠡᠷᠡᠭᠲᠡᠢ᠄    ᠬᠡᠷᠡᠭᠯᠡᠬᠦ ᠠᠴᠠ ᠡᠮᠦᠨ᠎ᠡ ᠲᠠᠸᠠᠷ ᠤᠨ ᠱᠣᠰᠢᠭ᠎ᠠ ᠪᠠ ᠲᠣᠳᠣᠷᠬᠠᠶᠢᠯᠠᠯᠲᠠ ᠶᠢᠨ ᠪᠢᠴᠢᠭ ᠢ ᠨᠠᠷᠢᠨ ᠤᠩᠰᠢᠨ᠎ᠠ᠂ ᠣᠨᠴᠠᠭᠠᠶᠢᠯᠠᠨ ︽ᠠᠩᠬᠠᠷᠬᠤ ᠵᠦᠢᠯ︾᠎ ᠢ  ᠨᠢᠮᠪᠠᠢ ᠦᠵᠡᠬᠦ ᠬᠡᠷᠡᠭᠲᠡᠢ᠃   ᠰᠢᠮᠠᠭᠤᠯ ᠠᠴᠠ ᠰᠡᠷᠭᠡᠶᠢᠯᠡᠬᠦ ᠦᠨᠦᠷᠳᠦ ᠤᠰᠤ ᠶᠢᠨ ᠦᠢᠯᠡᠳᠦᠯ ᠪᠤᠯ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠳᠠᠭ ᠪᠤᠯᠬᠤᠷ ᠬᠠᠳᠬᠤᠬᠤ ᠠᠴᠠ ᠨᠢ ᠡᠮᠦᠨ᠎ᠡ ᠰᠦᠷᠴᠢᠬᠦ ᠬᠡᠷᠡᠭᠲᠡᠶ᠃ ᠦᠷᠪᠢᠰᠦᠯ ᠲᠠᠢ ᠠᠷᠠᠰᠤ ᠪᠤᠶᠤ   ᠰᠢᠯᠪᠤᠷᠠᠵᠤ ᠰᠢᠷᠬᠠᠳᠤᠭᠰᠠᠨ ᠭᠠᠵᠠᠷ ᠢᠶᠠᠨ ᠪᠢᠳᠡᠭᠡᠢ ᠬᠡᠷᠡᠭᠯᠡᠭᠡᠷᠡᠢ᠃    ᠭᠡᠷᠡᠭᠯᠡᠬᠦ ᠳᠡᠭᠡᠨ ᠤᠷᠢᠳᠠᠪᠠᠷ ᠪᠠᠭ᠎ᠠ ᠬᠡᠮᠵᠢᠶ᠎ᠡ ᠪᠠᠷ ᠰᠦᠷᠴᠢᠵᠦ᠂ ᠠᠰᠠᠭᠤᠳᠠᠯ ᠦᠭᠡᠢ ᠪᠤᠯ ᠰᠠᠶ᠋ᠢ ᠦᠷᠬᠦᠯᠵᠢᠯᠡᠨ ᠭᠡᠷᠡᠭᠯᠡᠵᠦ ᠪᠤᠯᠤᠨ᠎ᠠ᠃ ᠲᠤᠬᠢᠷᠠᠬᠤ ᠦᠬᠡᠢ ᠪᠤᠯ ᠲᠠᠷᠤᠶᠢᠬᠠᠨ ᠭᠡᠷᠡᠭᠯᠡᠬᠦ ᠪᠠᠨ ᠵᠤᠭᠰᠤᠨ᠎ᠠ᠃    ᠦᠨᠦᠷᠳᠦ ᠤᠰᠤ ᠶᠢ ᠤᠰᠤ ᠲᠠᠢ ᠬᠤᠯᠢᠵᠤ ᠭᠡᠷᠡᠭᠯᠡᠪᠡᠯ ᠰᠢᠮᠠᠭᠤᠯ ᠠᠴᠠ ᠰᠡᠷᠭᠡᠶᠢᠯᠡᠬᠦ ᠦᠢᠯᠡᠳᠦᠯ ᠴᠢᠳᠠᠮᠵᠢ ᠨᠢ ᠪᠠᠭᠤᠷᠠᠬᠤ ᠪᠤᠯᠤᠨ᠎ᠠ᠃    ᠦᠨᠦᠷᠳᠦ ᠤᠰᠤ ᠶᠢ ᠨᠢᠳᠤᠨ ᠤ ᠪᠠᠨ ᠤᠶᠢᠷ᠎ᠠ ᠬᠠᠪᠢ ᠳᠤ ᠬᠦᠷᠭᠡᠵᠦ ᠦᠬᠡᠢ  ᠃ ᠪᠣᠯᠭᠤᠮᠵᠢ ᠦᠭᠡᠶ ᠪᠠᠷ ᠨᠢᠳᠦᠨ ᠳᠤ ᠤᠷᠤᠭᠰᠠᠨ ᠪᠤᠯ ᠳᠠᠷᠦ᠋ᠢᠬᠠᠨ ᠴᠡᠪᠡᠷ ᠤᠰᠤ ᠪᠠᠷ ᠤᠬᠢᠶᠠᠵᠤ ᠵᠠᠶᠢᠯᠠᠬᠤ ᠪᠤᠶᠤ ᠡᠮᠨᠡᠯᠭᠡ ᠳᠤ ᠤᠴᠢᠬᠤ ᠬᠡᠷᠡᠭᠲᠡᠶ᠃    ᠦᠨᠦᠷᠳᠦ ᠤᠰᠤ ᠶᠢ ᠬᠡᠦᠬᠡᠳ ᠠᠴᠠ ᠬᠤᠯᠠ ᠭᠠᠵᠠᠷ ᠲᠤ ᠲᠠᠯᠪᠢᠬᠤ ᠬᠡᠷᠡᠭᠲᠡᠢ᠃ ᠬᠡᠦᠬᠡᠳ ᠤᠨ ᠦᠪᠡᠷᠳᠡᠭᠡᠨ ᠭᠡᠷᠡᠭᠯᠡᠬᠦ ᠶᠢ ᠴᠡᠭᠡᠷᠯᠡᠨ᠎ᠡ᠃    ᠦᠨᠦᠷᠳᠦ ᠤᠰᠤ ᠶᠢ ᠭᠡᠷᠡᠭᠯᠡᠬᠦ ᠠᠴᠠ ᠪᠠᠨ ᠡᠮᠦᠨ᠎ᠡ ᠯᠤᠩᠬᠤ ᠰᠠᠪᠠ ᠶᠢ ᠨᠢ ᠰᠠᠵᠢᠯᠠᠨ ᠬᠦᠳᠡᠯᠭᠡᠪᠡᠯ ᠰᠠᠶᠢᠨ᠃ ᠯᠣᠩᠬᠤᠨ ᠤ ᠠᠮᠠᠰᠠᠷ ᠢ ᠠᠪᠴᠤ᠂ ᠰᠦᠷᠴᠢᠭᠦᠷ ᠤᠨ ᠴᠢᠭᠯᠡᠯ ᠢ ᠲᠤᠬᠢᠷᠠᠭᠤᠯᠤᠭᠠᠳ᠂ ᠰᠢᠭᠤᠳ ᠠᠷᠠᠰᠤᠨ ᠲᠡᠭᠡᠷ᠎ᠡ ᠎ ᠪᠠᠨ ᠰᠦᠷᠴᠢᠨ᠎ᠡ᠂ ᠡᠰᠡᠬᠦᠯ᠎ᠡ  ᠭᠠᠷ ᠲᠡᠭᠡᠷ᠎ᠡ ᠪᠠᠨ ᠰᠦᠷᠴᠢᠭᠡᠳ ᠪᠤᠰᠤᠳ ᠭᠡᠰᠡᠭ ᠲᠡᠭᠡᠨ ᠲᠦᠷᠬᠢᠵᠦ ᠪᠤᠯᠤᠨ᠎ᠠ᠃  ᠬᠡᠷᠡᠭᠯᠡᠭᠰᠡᠨ ᠤ ᠳᠠᠷᠠᠭ᠎ᠠ ᠯᠣᠩᠬᠤ ᠶᠢᠨ ᠠᠮᠠᠰᠠᠷ ᠢ ᠲᠠᠭᠯᠠᠨ ᠰᠡᠭᠦᠳᠡᠷ ᠲᠠᠢ ᠭᠠᠵᠠᠷ ᠲᠠᠯᠪᠢᠵᠤ᠂ ᠭᠠᠯ ᠪᠤᠶᠤ ᠬᠠᠯᠠᠭᠤᠨ ᠎ ᠠᠴᠠ ᠬᠤᠯᠠ ᠪᠠᠶᠢᠯᠭᠠᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号