ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠠᠷᠢᠯᠴᠠᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/6/26
  6 ᠰᠠᠷ᠎ᠠ ᠶᠢᠨ 25 ᠤ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠠᠩᠰᠠᠯᠠᠨ ᠬᠢᠨᠠᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠵᠠᠩ ᠸᠧᠨ ᠴᠠᠩ ᠬᠤᠷᠠᠯ ᠢ ᠡᠷᠬᠢᠯᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃ ᠬᠤᠷᠠᠯ ᠳᠡᠭᠡᠷ᠎ᠡ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ  ᠲᠦᠷᠢᠮ ᠤᠨ ᠠᠵᠢᠯ ᠤᠨ ᠵᠥᠪᠯᠡᠯ ᠤᠨ ᠡᠷᠬᠢᠯᠡᠭᠴᠢ ᠱᠧᠨ ᠴᠦᠨ ᠶᠣᠣ ᠶᠢᠨ ᠪᠥᠬᠦ ᠤᠯᠤᠰ ᠤᠨ ᠲᠠᠩᠰᠠᠯᠠᠨ ᠬᠢᠨᠠᠬᠤ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠵᠤ᠂ ︽ᠪᠥᠬᠦ ᠬᠤᠰᠢᠭᠤᠨ ᠤ ᠠᠵᠤ ᠠᠬᠤᠶᠢᠯᠠᠯ ᠳᠤ ᠬᠤᠯᠪᠣᠭᠳᠠᠬᠤ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠳᠤ ᠲᠤᠰᠬᠠᠶ ᠴᠡᠭᠴᠡᠯᠡᠯᠳᠡ ᠬᠢᠬᠦ ᠠᠵᠢᠯ ᠤᠨ ᠲᠦᠰᠦᠪ︾  ᠲᠤ ᠲᠠᠶᠢᠯᠤᠮᠵᠢ ᠬᠢᠭᠰᠡᠨ ᠤ ᠬᠠᠮᠲᠤ ᠮᠠᠨ ᠤ ᠬᠤᠰᠢᠭᠤᠨ ᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠪᠡ᠃ ᠬᠤᠷᠠᠯ ᠳᠤ ᠣᠷᠣᠯᠴᠠᠭᠰᠠᠳ ᠬᠠᠮᠢᠶ᠎ᠠ ᠪᠥᠬᠦᠶ ᠠᠵᠢᠯ ᠤᠨ ᠲᠤᠬᠠᠶ ᠰᠠᠨᠠᠯ ᠢᠶᠠᠨ ᠰᠣᠯᠢᠯᠴᠠᠨ ᠶᠠᠷᠢᠯᠴᠠᠵᠤ᠂ ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ᠃  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠠᠤᠯᠢ ᠲᠦᠷᠢᠮ ᠤᠨ ᠲᠤᠰᠬᠠᠶ ᠵᠥᠪᠯᠡᠯ ᠤᠨ ᠭᠡᠰᠢᠬᠦᠳ᠂  ᠠᠯᠪᠠᠨ ᠬᠡᠷ ᠤᠨ ᠡᠷᠬᠢᠯᠡᠭᠴᠢ᠂ ᠡᠯ᠎ᠡ ᠲᠤᠰᠬᠠᠢ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ  ᠂ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂  ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠵᠠᠰᠠᠭ ᠤᠨ ᠣᠷᠳᠣᠨ ᠤ ᠠᠯᠪᠠᠨ ᠬᠡᠷ᠂ ᠬᠠᠤᠯᠢ ᠴᠠᠭᠠᠵᠠ ᠶᠢᠨ ᠲᠤᠪᠴᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ  ᠪᠠ ᠠᠵᠢᠯᠲᠠᠳ ᠶᠠᠷᠢᠯᠴᠠᠬᠤ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号