84 ᠠᠷᠢᠭᠤᠳᠬᠠᠬᠤ ᠰᠢᠩᠭᠡᠨ ᠢ ᠡᠨᠡ ᠬᠤᠶᠠᠷ ᠪᠤᠳᠠᠰ ᠲᠠᠢ ᠬᠠᠮᠳᠤ ᠭᠡᠷᠡᠭᠯᠡᠵᠦ ᠪᠤᠯᠬᠤ ᠦᠭᠡᠢ
ᠨᠡᠶᠢᠲᠡᠯᠡᠭᠰᠡᠨ ᠴᠠᠭ᠄
2024/6/26
  ᠠᠷᠢᠭᠤᠳᠬᠠᠬᠤ ᠰᠢᠩᠭᠡᠨ ᠪᠤᠯ ᠭᠦᠮᠦᠰ ᠤᠨ ᠠᠮᠢᠳᠤᠷᠠᠯ ᠳᠤ ᠦᠷᠭᠦᠯᠵᠢ ᠭᠡᠷᠡᠭᠯᠡᠭᠳᠡᠳᠡᠭ ᠠᠷᠢᠭᠤᠳᠬᠠᠬᠤ ᠰᠢᠩᠭᠡᠨ ᠪᠤᠯᠬᠤ ᠪᠦᠭᠡᠳ ᠭᠡᠷᠡᠭᠯᠡᠭᠦ ᠳᠤ ᠲᠦᠭᠦᠮ ᠪᠠᠶᠢᠳᠠᠭ᠃ ᠭᠡᠳᠡᠯ᠎ᠠ ᠵᠠᠷᠢᠮ ᠭᠦᠮᠦᠰ ᠪᠤᠷᠤᠭᠤ ᠭᠡᠷᠡᠭᠯᠡᠵᠦ ᠠᠶᠤᠯ ᠳᠤ ᠤᠴᠠᠷᠠᠳᠠᠭ᠃ 84 ᠠᠷᠢᠭᠤᠳᠬᠠᠬᠤ ᠰᠢᠩᠭᠡᠨ ᠤ ᠭᠤᠤᠯ ᠪᠦᠷᠢᠯᠳᠦᠭᠦᠨ ᠨᠢ ᠾᠯᠤᠷ ᠭᠦᠴᠢᠯ ᠪᠤᠯᠤᠨ᠎ᠠ᠃ ᠾᠯᠤᠷ ᠭᠦᠴᠢᠯ ᠤᠨ ᠢᠰᠦᠯᠳᠦᠭᠦᠯᠭᠦ ᠴᠢᠳᠠᠪᠬᠢ ᠨᠢ ᠴᠢᠩᠭ᠎ᠠ ᠪᠠᠶᠢᠵᠦ᠂ ᠪᠠᠺᠲ᠋ᠧᠷᠢ ᠶᠢ ᠢᠰᠦᠯᠳᠦᠭᠦᠯᠭᠦ ᠪᠠᠷ ᠲᠠᠮᠵᠢᠨ ᠬᠠᠯᠳᠠᠪᠤᠷᠢᠯᠠᠬᠤ ᠪᠤᠶᠤ ᠦᠷᠡᠵᠢᠭᠦ ᠴᠢᠳᠠᠪᠬᠢ ᠶᠢ ᠨᠢ ᠤᠰᠠᠳᠬᠠᠵᠦ ᠴᠢᠳᠠᠳᠠᠭ᠃    1᠂ 84 ᠠᠷᠢᠭᠤᠳᠬᠠᠬᠤ ᠰᠢᠩᠭᠡᠨ ᠪᠤᠯᠤᠨ ᠰᠫᠢᠷᠲ ᠢ ᠬᠠᠮᠳᠤ ᠭᠡᠷᠡᠭᠯᠡᠵᠦ ᠪᠤᠯᠬᠤ ᠦᠭᠡᠢ᠃ ᠤᠯᠠᠩᠭᠢ ᠭᠡᠷ ᠪᠦᠯᠢ 75% ᠶᠢᠨ ᠰᠫᠢᠷᠲ ᠪᠠ 84 ᠠᠷᠢᠭᠤᠳᠬᠠᠬᠤ ᠰᠢᠩᠭᠡᠨ ᠢ ᠬᠠᠮᠳᠤ ᠭᠡᠷᠡᠭᠯᠡᠭᠦ ᠨᠢ ᠦᠢᠯᠡᠳᠦᠯ ᠢᠶᠠᠷ ᠨᠡᠩ ᠰᠠᠶᠢᠨ ᠭᠡᠵᠦ ᠦᠵᠡᠳᠡᠭ᠃ ᠡᠨᠡ ᠬᠤᠶᠠᠷ ᠪᠤᠳᠠᠰ ᠢ ᠬᠠᠮᠳᠤ ᠭᠡᠷᠡᠭᠯᠡᠪᠡᠯ ᠬᠢᠮᠢ ᠶᠢᠨ ᠤᠷᠪᠠᠯ ᠡᠭᠦᠰᠴᠦ ᠬᠤᠤᠷᠳᠠᠢ ᠾᠯᠤᠷᠵᠢᠭᠰᠠᠨ ᠪᠤᠳᠠᠰ ᠢ ᠡᠭᠦᠰᠭᠡᠨ᠎ᠠ᠃ ᠾᠯᠤᠷᠵᠢᠭᠰᠠᠨ ᠪᠤᠳᠠᠰ ᠨᠢ ᠭᠦᠮᠦᠨ ᠤ ᠪᠡᠶ᠎ᠠ ᠳᠤ ᠬᠤᠤᠷᠳᠠᠢ ᠪᠠᠶᠢᠳᠠᠭ᠃    2᠂ 84 ᠠᠷᠢᠭᠤᠳᠬᠠᠬᠤ ᠰᠢᠩᠭᠡᠨ ᠪᠤᠯᠤᠨ ᠵᠤᠷᠯᠤᠩ ᠴᠡᠪᠡᠷᠯᠡᠭᠦ ᠰᠢᠩᠭᠡᠨ ᠢ ᠬᠠᠮᠳᠤ ᠭᠡᠷᠡᠭᠯᠡᠵᠦ ᠪᠤᠯᠬᠤ ᠦᠭᠡᠢ᠃ ᠵᠤᠷᠯᠤᠩ ᠴᠡᠪᠡᠷᠯᠡᠭᠦ ᠰᠢᠩᠭᠡᠨ ᠤ ᠭᠤᠤᠯ ᠪᠦᠷᠢᠯᠳᠦᠭᠦᠨ ᠪᠤᠯ ᠲᠠᠪᠤᠰᠤᠨ ᠭᠦᠴᠢᠯ ᠪᠤᠯᠤᠨ᠎ᠠ᠃ ᠲᠠᠪᠤᠰᠤᠨ ᠭᠦᠴᠢᠯ ᠪᠤᠯᠤᠨ ᠾᠯᠤᠷ ᠭᠦᠴᠢᠯ ᠨᠡᠶᠢᠯᠡᠪᠡᠯ ᠬᠢᠮᠢ ᠶᠢᠨ ᠤᠷᠪᠠᠯ ᠡᠭᠦᠰᠴᠦ ᠾᠯᠤᠷ ᠤᠨ ᠭᠡᠢ ᠶᠢ ᠢᠯᠭᠠᠷᠠᠭᠤᠯᠳᠠᠭ᠃ ᠾᠯᠤᠷ ᠤᠨ ᠭᠡᠢ ᠨᠢ ᠠᠮᠢᠰᠬᠤᠯ ᠢᠶᠠᠷ ᠲᠠᠮᠵᠢᠨ ᠭᠦᠮᠦᠨ ᠤ ᠪᠡᠶ᠎ᠠ ᠳᠤ ᠦᠵᠡᠭᠦᠯᠭᠦ ᠬᠤᠤᠷᠳᠠᠢ ᠨᠦᠯᠦᠭᠡ ᠦᠵᠡᠭᠦᠯᠵᠦ᠂ ᠨᠢᠳᠦ ᠪᠤᠯᠤᠨ ᠠᠷᠠᠰᠤᠨ ᠳᠤ ᠲᠦᠢᠯ ᠤᠨ ᠴᠢᠩᠭ᠎ᠠ ᠰᠡᠳᠡᠯᠳᠡ ᠦᠭᠳᠡᠭ᠃ ᠾᠯᠤᠷ ᠤᠨ ᠭᠡᠢ ᠨᠢ ᠨᠢᠭᠡ ᠭᠡᠮᠵᠢᠶᠡᠨ ᠤ ᠬᠤᠷᠠᠮᠳᠤᠯ ᠳᠤ ᠭᠦᠷᠪᠡᠯ ᠭᠦᠮᠦᠨ ᠤ ᠠᠮᠢ ᠨᠠᠰᠤ ᠶᠢ ᠬᠤᠷᠤᠭᠠᠬᠤ ᠪᠤᠯᠤᠨ᠎ᠠ᠃    ᠲᠡᠭᠡᠪᠡᠯ 84 ᠠᠷᠢᠭᠤᠳᠬᠠᠬᠤ ᠰᠢᠩᠭᠡᠨ ᠢ ᠰᠢᠭᠤᠳ ᠭᠡᠷᠡᠭᠯᠡᠵᠦ ᠪᠤᠯᠬᠤ ᠦᠭᠡᠢ᠂ ᠵᠠᠪᠠᠯ ᠲᠤᠭᠳᠠᠭᠰᠠᠨ ᠭᠡᠮᠵᠢᠶᠡᠨ ᠤ ᠤᠰᠤ ᠲᠠᠢ ᠬᠤᠯᠢᠵᠦ ᠰᠢᠩᠭᠡᠯᠡᠭᠰᠡᠨ ᠤ ᠲᠠᠷᠠᠭ᠎ᠠ ᠭᠡᠷᠡᠭᠯᠡᠵᠦ᠂ ᠭᠡᠷᠡᠭᠯᠡᠭᠰᠡᠨ ᠤ ᠲᠠᠷᠠᠭ᠎ᠠ ᠭᠡᠷ ᠲᠡᠭᠡᠨ ᠰᠠᠯᠬᠢ ᠨᠡᠪᠳᠡᠷᠡᠭᠦᠯᠭᠦ ᠭᠡᠷᠡᠭᠳᠠᠢ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号