ᠲᠠᠶᠢᠹᠤᠰᠧ ᠬᠤᠰᠢᠭᠤᠨ ᠤ ᠬᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠲᠦᠷᠢᠮ ᠢ ᠤᠬᠠᠭᠤᠯᠪᠠ
ᠨᠡᠶᠢᠲᠡᠯᠡᠭᠰᠡᠨ ᠴᠠᠭ᠄
2024/6/28
  ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢ ᠭᠦᠨᠵᠡᠭᠡᠶ ᠤᠬᠠᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠲᠤᠬᠠᠶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠬᠦᠯᠦᠨ᠂ ᠬᠠᠤᠯᠢ ᠶᠣᠰᠣᠭᠠᠷ ᠵᠠᠰᠠᠭ ᠪᠠᠷᠢᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 25 ᠤ ᠡᠳᠦᠷ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠨᠢ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠳᠤ ᠬᠦᠨᠵᠡᠬᠡᠶᠢᠷᠡᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠬᠢᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾ ᠳᠤ ᠭᠤᠤᠯᠳᠠᠯᠭ᠎ᠠ ᠲᠠᠢ ᠲᠠᠶᠢᠯᠤᠮᠵᠢ ᠬᠢᠪᠠ᠃  ᠠᠬᠤᠢ ᠲᠠᠯᠠᠪᠠᠢ ᠳᠤ᠂ ᠬᠠᠤᠯᠢ ᠴᠠᠭᠠᠵᠠ ᠶᠢᠨ ᠲᠤᠪᠴᠢᠶᠠᠨ ᠤ ᠠᠵᠢᠯᠲᠠᠳ ︽ᠬᠡᠷᠡᠭᠵᠢᠭᠦᠯᠬᠦ ᠠᠷᠭ᠎ᠠ︾ ᠳᠤ ᠲᠣᠭᠲᠠᠭᠠᠭᠰᠠᠨ ᠰᠢᠨ᠎ᠡ ᠲᠦᠷᠢᠮ ᠲᠤᠭᠳᠠᠭᠠᠯ᠂ ᠰᠢᠨ᠎ᠡ ᠲᠤᠬᠠᠶᠢᠯᠠᠭᠰᠠᠨ ᠠᠵᠢᠯ᠂ ᠰᠢᠨ᠎ᠡ ᠠᠯᠬᠤᠮ ᠶᠠᠪᠤᠴᠠ ᠶᠢᠨ ᠴᠢᠬᠤᠯᠠ ᠦᠢᠯᠡᠳᠦᠯ ᠢ ᠲᠠᠶᠢᠯᠪᠤᠷᠢᠯᠠᠬᠤ ᠪᠠᠷ ᠲᠠᠮᠵᠢᠭᠠᠳ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠲᠦᠷᠢᠮ ᠤᠨ ᠰᠢᠨ᠎ᠡ ᠬᠤᠪᠢᠷᠠᠯᠲᠠ᠂ ᠰᠢᠨ᠎ᠡ ᠠᠷᠭ᠎ᠠ᠂ ᠰᠢᠨ᠎ᠡ ᠱᠠᠭᠠᠷᠳᠠᠯᠭ᠎ᠠ ᠶᠢ ᠤᠬᠠᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠤ ᠬᠠᠤᠯᠢ ᠲᠦᠷᠢᠮ ᠢ ᠰᠤᠷᠤᠯᠴᠠᠨ ᠬᠠᠤᠯᠢ ᠶᠣᠰᠣᠭᠠᠷ ᠵᠠᠰᠠᠭ ᠪᠠᠷᠢᠬᠤ ᠤᠬᠠᠮᠰᠠᠷ ᠢ ᠨᠡᠮᠡᠭᠳᠡᠬᠦᠯᠵᠡᠢ᠃ ᠠᠵᠢᠯᠲᠠᠳ ᠪᠠᠰᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ  ᠬᠡᠯᠪᠡᠷᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠭᠥᠯᠢᠶᠡᠨ ᠠᠪᠬᠤ ᠬᠦᠷᠢᠶ᠎ᠡ ᠬᠡᠪᠴᠢᠶ᠎ᠡ ᠪᠠ ᠨᠦᠬᠦᠴᠡᠯ ᠪᠠᠷᠢᠮᠵᠢᠶ᠎ᠠ᠂ ᠡᠷᠡᠮᠡᠯᠵᠡᠯᠡᠬᠦ ᠠᠷᠭ᠎ᠠ ᠬᠡᠯᠪᠡᠷᠢ᠂ ᠬᠦᠢᠴᠡᠳᠭᠡᠬᠦ ᠠᠯᠬᠤᠮ ᠶᠠᠪᠤᠴᠠ ᠵᠡᠷᠭᠡ ᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢᠵᠢᠯ ᠤᠨ ᠤᠬᠠᠮᠰᠠᠷ ᠢ ᠴᠢᠩᠭᠠᠳᠬᠠᠭᠰᠠᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号