ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠲᠠᠶᠢᠹᠤᠰᠧ ᠬᠤᠰᠢᠭᠤᠨ ᠳᠤ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/6/28
  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠡᠵᠡᠮᠰᠢᠵᠦ᠂ ︽ᠮᠢᠩᠭᠠᠨ ᠲᠦᠮᠡ ᠶᠢᠨ ᠢᠨᠵᠧᠨᠧᠷᠢᠩ︾ ᠤᠨ ᠠᠷᠭ᠎ᠠ ᠲᠤᠷᠰᠢᠯᠭ᠎ᠠ ᠶᠢ ᠰᠤᠷᠤᠯᠴᠠᠨ ᠲᠣᠯᠢᠯᠠᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠲᠠᠶᠢᠴᠢᠯᠠᠨ᠂ ᠦᠨᠳᠦᠰᠦᠨ ᠱᠠᠲᠤᠨ ᠤ ᠴᠢᠳᠠᠪᠤᠷᠢᠲᠠᠨ ᠤ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ ᠲᠡᠭᠡᠭᠰᠢᠯᠡᠬᠦᠯᠵᠦ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 25 ᠤ ᠡᠳᠦᠷ ᠠᠴᠠ 26 ᠤ ᠡᠳᠦᠷ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ  ᠨᠢ ᠨᠡᠷ᠎ᠡ ᠲᠥᠷᠥ ᠲᠠᠢ ᠯᠧᠺᠲ᠋ᠣᠷ ᠨᠠᠷ ᠢ ᠵᠣᠬᠢᠶᠠᠨ ᠪᠠᠶᠢᠭᠤᠯᠵᠤ ᠲᠠᠶᠢᠹᠤᠰᠧ ᠬᠤᠰᠢᠭᠤᠨ ᠳᠤ ᠬᠦᠨᠵᠡᠬᠡᠶᠢᠷᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯᠪᠠᠰᠤᠷᠠᠯ ᠤᠨ ᠠᠩᠭᠢ ᠡᠷᠬᠢᠯᠡᠪᠡ᠃  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠨ  ᠶᠠᠷᠢᠶ᠎ᠠ ᠲᠠᠯᠪᠢᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠯᠪᠠᠰᠤᠷᠠᠯ ᠤᠨ ᠲᠥᠪ ᠤᠨ ᠳᠡᠳ᠋ ᠡᠷᠬᠢᠯᠡᠭᠴᠢ ᠵᠠᠩ ᡁᠢ ᠴᠢᠶᠠᠩ ᠠᠴᠠ ᠰᠤᠷᠤᠯᠭ᠎ᠠ ᠡᠬᠢᠯᠡᠬᠦ ᠦᠭᠡ ᠬᠡᠯᠡᠵᠡᠶ᠃  ᠡᠨᠡ ᠤᠳᠠᠭᠠᠨ ᠤ ᠪᠣᠯᠪᠠᠰᠤᠷᠠᠯ ᠳᠤ  ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠥᠭᠵᠢᠯᠲᠡ ᠶᠢᠨ ᠲᠥᠯᠥᠪᠵᠢᠭᠦᠯᠭᠡ ᠶᠢᠨ ᠵᠤᠷᠭᠠᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠭᠠᠮᠰᠢᠭ ᠠᠴᠠ ᠠᠪᠤᠷᠬᠠᠤ ᠪᠠ ᠡᠳ᠋ ᠪᠣᠳᠠᠰ ᠤᠨ ᠪᠠᠲᠤᠯᠠᠭ᠎ᠠ ᠶᠢᠨ ᠵᠤᠷᠭᠠᠨ ᠤ ᠬᠠᠮᠢᠶ᠎ᠠ ᠪᠥᠬᠦᠶ ᠤᠳᠤᠷᠢᠳᠤᠯᠭ᠎ᠠ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠤᠷᠢᠵᠤ  ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠤᠬᠠᠭᠤᠯᠤᠨ ᠲᠠᠶᠢᠯᠪᠤᠷᠢᠯᠠᠬᠤ᠂ ︽ᠮᠢᠩᠭᠠᠨ ᠲᠦᠮᠡ ᠶᠢᠨ ᠢᠨᠵᠧᠨᠧᠷᠢᠩ︾ ᠤᠨ ᠠᠷᠭ᠎ᠠ ᠲᠤᠷᠰᠢᠯᠭ᠎ᠠ ᠶᠢ ᠪᠦᠲᠦᠮᠵᠢᠲᠡᠶ ᠭᠡᠷᠡᠭᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ  ᠂  ᠬᠦᠳᠡᠭᠡ ᠲᠣᠰᠬᠤᠨ  ᠤ ᠵᠠᠰᠠᠯᠳᠠ ᠶᠢᠨ ︽ᠳᠥᠷᠪᠡᠨ ᠠᠯᠬᠤᠮ︾ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠶ ᠰᠡᠳᠦᠪᠳᠦ ᠬᠢᠴᠢᠶᠡᠯ ᠲᠠᠶᠢᠯᠤᠮᠵᠢ ᠬᠢᠯᠭᠭᠡᠭᠰᠡᠨ ᠪᠠᠶᠢᠨ᠎ᠠ᠃ ᠬᠢᠴᠢᠶᠡᠯ ᠪᠤᠯᠪᠠᠰᠤᠷᠠᠯ ᠨᠢ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ᠂ ᠲᠥᠷᠥ ᠶᠢᠨ ᠪᠣᠳᠣᠯᠭ᠎ᠠ ᠶᠢᠨ ᠣᠨᠣᠯ ᠢ ᠵᠢᠭᠠᠬᠤ ᠪᠠᠷ ᠪᠠᠷᠠᠬᠤ ᠥᠬᠡᠶ ᠲᠤᠬᠠᠶᠢᠯᠠᠭᠰᠠᠨ ᠠᠵᠢᠯ ᠤᠨ ᠮᠡᠳᠡᠯᠭᠡ ᠶᠢ ᠵᠢᠭᠠᠵᠤ᠂ ᠪᠣᠯᠪᠠᠰᠤᠷᠠᠯ ᠳᠤ ᠣᠷᠣᠯᠴᠠᠭᠰᠠᠳ ᠤᠨ ᠦᠵᠡᠯ ᠰᠠᠨᠠᠭ᠎ᠠ ᠪᠠᠨ ᠴᠢᠯᠥᠭᠡᠯᠡᠨ᠂ ᠤᠬᠠᠮᠰᠠᠷ ᠲᠠᠨᠢᠯᠲᠠ ᠪᠠᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠬᠥᠭᠵᠢᠭᠦᠯᠬᠦ ᠪᠠ ᠣᠯᠠᠨ ᠲᠦᠮᠡᠨ ᠳᠤ ᠦᠢᠯᠡᠴᠢᠯᠡᠬᠦ ᠬᠢᠷᠢ ᠴᠢᠳᠠᠪᠤᠷᠢ ᠶᠢ ᠨᠢ ᠨᠡᠮᠡᠭᠳᠡᠬᠦᠯᠵᠡᠢ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠯᠪᠠᠰᠤᠷᠠᠯ ᠤᠨ ᠲᠥᠪ ᠤᠨ ᠵᠢᠩᠬᠢᠨᠢ ᠭᠠᠵᠠᠷ ᠤᠨ ᠲᠠᠰ ᠤᠨ ᠺᠠᠳ᠋ᠷ ᠯᠢᠦ ᠢᠦᠶ᠂  ᠬᠤᠰᠢᠭᠤᠨ ᠤ ᠭᠡᠰᠡᠭ ᠤᠳᠤᠷᠢᠳᠤᠯᠭ᠎ᠠ ᠡᠬᠢᠯᠡᠯᠳᠡ ᠶᠢᠨ ᠶᠤᠰᠤᠯᠠᠯ ᠳᠤ ᠤᠷᠤᠯᠴᠠᠵᠤ᠂ ᠡᠯ᠎ᠡ ᠪᠠᠶᠢᠭᠤᠯᠭ᠎ᠠ ᠨᠢᠭᠡᠴᠡ ᠶᠢᠨ ᠭᠤᠤᠯ ᠤᠳᠤᠷᠢᠳᠤᠯᠭ᠎ᠠ ᠪᠠ ᠬᠠᠮᠢᠶ᠎ᠠ ᠪᠥᠬᠦᠶ ᠠᠵᠢᠯᠳᠠᠨ᠂  ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠪᠠ  ᠬᠠᠮᠢᠶ᠎ᠠ ᠪᠦᠬᠦᠢ ᠺᠠᠳ᠋ᠷ᠂  ᠭᠠᠴᠠᠭ᠎ᠠ ᠲᠣᠰᠬᠤᠨ ᠤ ᠨᠠᠮ ᠤᠨ ᠡᠬᠦᠷ  ᠤᠨ ᠱᠦᠵᠢ᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂  ᠠᠵᠢᠯᠯᠠᠬᠤ ᠠᠩᠬᠢ ᠶᠢᠨ ᠳᠠᠷᠤᠭ᠎ᠠ ᠪᠠ ᠭᠡᠰᠢᠭᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠦᠢᠯᠡᠰ ᠤᠨ ᠳᠠᠭᠠᠭᠤᠯᠤᠭᠴᠢ᠂  ᠪᠠᠴᠢᠮ ᠪᠠᠶᠢᠳᠠᠯ ᠢ ᠠᠷᠭᠠᠴᠠᠬᠤ᠂ ᠠᠶᠤᠯᠬᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠠᠵᠢᠯ ᠲᠦᠷᠦᠯ ᠤᠨ ᠬᠠᠮᠢᠶ᠎ᠠ ᠪᠥᠬᠦᠶ ᠴᠢᠳᠠᠪᠤᠷᠢᠲᠠᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠡᠷᠭᠡ 430 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号