ᠲᠠᠶᠢᠹᠤᠰᠧ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠪᠥᠬᠦᠳᠡ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/6/28
 6 ᠰᠠᠷ᠎ᠠ ᠶᠢᠨ 27 ᠤ ᠡᠳᠦᠷ᠂ ᠲᠠᠶᠢᠹᠤᠰᠧ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ 2024 ᠣᠨ ᠤ ᠠᠩᠬᠠᠳᠤᠭᠠᠷ ᠪᠥᠬᠦᠳᠡ ᠬᠤᠷᠠᠯ ᠬᠤᠷᠠᠯᠳᠤᠵᠤ᠂ 2024 ᠣᠨ ᠤ ᠳᠡᠭᠡᠷ᠎ᠡ ᠬᠠᠭᠠᠰ ᠵᠢᠯ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠢ ᠮᠡᠳᠡᠭᠳᠡᠨ᠂ ᠣᠳᠣᠬᠠᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠳᠤ ᠵᠠᠳᠠᠯᠤᠯᠳᠠ ᠬᠢᠵᠦ᠂ ᠳᠣᠣᠷ᠎ᠠ ᠬᠠᠭᠠᠰ ᠵᠢᠯ ᠤᠨ ᠠᠵᠢᠯ ᠢ ᠪᠠᠶᠢᠷᠢᠯᠠᠭᠤᠯᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠡᠳ᠋ ᠬᠤᠰᠢᠭᠤ ᠲᠠᠷᠤᠭ᠎ᠠ᠂ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠳᠡᠳ᠋ ᠡᠷᠬᠢᠯᠡᠭᠴᠢ ᠹᠠᠨ ᠬᠤᠸᠠ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠲᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠬᠢᠨᠠᠨ ᠬᠠᠮᠢᠶᠠᠷᠴᠤ ᠰᠡᠷᠭᠡᠶᠢᠯᠡᠨ ᠡᠵᠡᠮᠳᠡᠬᠦ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠬᠢᠨᠠᠯᠳᠠ ᠬᠠᠮᠢᠶᠠᠷᠤᠯᠲᠠ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ᠂ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ  ᠤᠬᠠᠭᠤᠯᠵᠤ ᠲᠦᠭᠡᠮᠡᠯᠵᠢᠭᠦᠯᠬᠦ ᠲᠡᠭᠡᠷ᠎ᠡ ᠠᠩᠬᠠᠷᠤᠯ ᠲᠦᠪᠯᠡᠷᠡᠬᠦᠯᠦᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠳᠤ ᠴᠤᠭᠴᠠᠯᠠᠵᠤ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂ 2023 ᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠬᠢᠨᠠᠨ ᠰᠢᠯᠭᠠᠭᠰᠠᠨ ᠦᠷ᠎ᠡ ᠳ᠋ᠦᠩ ᠢ  ᠨᠡᠶᠢᠳᠡᠯᠡᠪᠡ᠃ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠦᠪᠯᠡᠯ ᠤᠨ ᠭᠡᠰᠢᠬᠦᠨ ᠨᠢᠬᠡᠴᠡ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号