ᠲᠠᠶᠢᠹᠤᠰᠧ ᠬᠤᠰᠢᠭᠤᠨ ᠤ ᠬᠢᠨ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠤ ᠪᠤᠯᠪᠠᠰᠤᠷᠠᠯ ᠤᠨ ᠠᠩᠭᠢ ᠪᠠᠨ ᠪᠠᠶᠠᠨᠨᠠᠭᠤᠷ ᠬᠤᠲᠠ ᠳᠤ ᠡᠷᠬᠢᠯᠡᠪᠡ
ᠨᠡᠶᠢᠲᠡᠯᠡᠭᠰᠡᠨ ᠴᠠᠭ᠄
2024/6/28
  6 ᠰᠠᠷ᠎ᠠ ᠶᠢᠨ 17 ᠤ ᠡᠳᠦᠷ ᠠᠴᠠ 23 ᠤ ᠡᠳᠦᠷ ᠪᠣᠯᠲᠠᠯ᠎ᠠ᠂ ᠲᠠᠶᠢᠹᠤᠰᠧ ᠬᠤᠰᠢᠭᠤᠨ ᠤ 2023 ᠣᠨ ᠤ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠤ ᠴᠢᠳᠠᠪᠤᠷᠢ ᠶᠢ ᠳᠡᠭᠡᠭᠰᠢᠯᠡᠭᠦᠯᠬᠦ  ᠭᠤᠷᠪᠠᠳᠤᠭᠠᠷ ᠬᠤᠭᠤᠴᠠᠭᠠᠨ ᠤ  ᠪᠤᠯᠪᠠᠰᠤᠷᠠᠯ ᠪᠠᠶᠠᠨᠨᠠᠭᠤᠷ ᠬᠤᠲᠠ ᠳᠤ ᠠᠮᠵᠢᠯᠲᠠ ᠲᠠᠢ ᠶᠠᠪᠤᠭᠳᠠᠵᠤ᠂  ᠲᠤᠰ ᠬᠤᠰᠢᠭᠤᠨ ᠤ 40 ᠭᠠᠷᠤᠶ ᠮᠠᠯᠴᠢᠨ ᠲᠠᠷᠢᠶᠠᠴᠢᠨ ᠪᠣᠯᠪᠠᠰᠤᠷᠠᠯ ᠳᠤ ᠤᠷᠤᠯᠴᠠᠵᠠᠢ᠃ ᠡᠨᠡ ᠤᠳᠠᠭᠠᠨ ᠤ ᠪᠣᠯᠪᠠᠰᠤᠷᠠᠯ ᠳᠤ ᠥᠪᠡᠷᠲᠡᠭᠡᠨ ᠵᠠᠰᠠᠬᠤ ᠣᠷᠣᠨ ᠵᠢᠴᠢ ᠪᠠᠶᠠᠨᠨᠠᠭᠤᠷ  ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠮᠡᠷᠭᠡᠵᠢᠯᠲᠡᠨ ᠢ ᠤᠷᠢᠵᠤ  ᠂ ︽︿ᠮᠢᠩᠭᠠᠨ ᠲᠦᠮᠡ ᠶᠢᠨ ᠢᠨᠵᠧᠨᠧᠷᠢᠩ﹀ ᠤᠨ ᠠᠷᠭ᠎ᠠ ᠲᠤᠷᠰᠢᠯᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾᠂ ︽ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠯᠲᠡ︾᠂ ︽ ᠬᠦᠳᠡᠭᠡ ᠠᠵᠤ ᠠᠬᠤᠢ ᠪᠠ ᠲᠥᠷᠥ ᠶᠢᠨ ᠪᠣᠳᠣᠯᠭ᠎ᠠ︾ ᠵᠡᠷᠭᠡ ᠬᠢᠴᠢᠶᠡᠯ ᠤᠷᠤᠭᠤᠯᠤᠭᠰᠠᠨ ᠪᠦᠢᠭᠡᠳ ᠲᠤᠬᠠᠢ ᠶᠢᠨ ᠭᠠᠵᠠᠷ ᠤᠨ ᠠᠵᠤ ᠠᠬᠤᠶᠢᠯᠠᠯ᠂  ᠬᠦᠷᠢᠶᠡᠯᠡᠩ ᠲᠣᠭᠤᠷᠢᠭ  ᠂ ᠰᠠᠭᠤᠷᠢᠨ ᠭᠠᠵᠠᠷ   ᠤᠳ  ᠢᠶᠠᠷ ᠲᠤᠭᠤᠷᠢᠵᠤ  ᠂  ᠦᠢᠯᠡᠳᠪᠦᠷᠢᠯᠡᠯ ᠡᠵᠡᠩᠨᠡᠯᠳᠡ ᠶᠢᠨ ᠠᠷᠭ᠎ᠠ ᠲᠤᠷᠰᠢᠯᠭ᠎ᠠ ᠶᠢ ᠨᠢ ᠰᠤᠷᠤᠯᠴᠠᠪᠠ᠃ ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ᠂  ᠤᠯᠠᠨ ᠢᠶᠠᠷ ᠢᠶᠠᠨ  ᠣᠯᠤᠯᠲᠠ ᠲᠦᠷᠦᠭᠳᠡᠯ ᠢᠶᠠᠨ ᠬᠤᠪᠢᠶᠠᠯᠴᠠᠭᠰᠠᠨ ᠤ ᠬᠠᠮᠳᠤ ︽ᠰᠣᠷᠣᠭᠰᠠᠨ ᠮᠡᠳᠡᠯᠭᠡ ᠪᠠᠨ ᠦᠢᠯᠡᠳᠦᠯᠭᠡ ᠲᠡᠭᠡᠷ᠎ᠡ ᠬᠡᠷᠡᠭᠯᠡᠵᠦ᠂ ᠮᠡᠷᠭᠡᠵᠢᠯ ᠴᠢᠳᠠᠪᠤᠷᠢ ᠪᠠᠨ ᠲᠡᠭᠡᠭᠰᠢᠯᠡᠬᠦᠯᠦᠨ᠂  ᠰᠣᠶᠣᠯ ᠮᠡᠳᠡᠯᠭᠡ ᠲᠠᠢ᠂ ᠮᠡᠷᠭᠡᠵᠢᠯ  ᠴᠢᠳᠠᠪᠤᠷᠢ ᠲᠠᠢ᠂  ᠬᠡᠪ  ᠪᠤᠯᠪᠠᠰᠤᠷᠠᠯ ᠲᠠᠢ ᠮᠠᠯᠴᠢᠨ ᠲᠠᠷᠢᠶᠠᠴᠢᠨ ᠪᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠨ᠎ᠡ︾ ᠭᠡᠵᠦ ᠢᠯᠡᠷᠭᠡᠶᠢᠯᠡᠭᠰᠡᠨ ᠪᠠᠶᠢᠨ᠎ᠠ᠃ ᠬᠤᠶᠢᠰᠢᠳᠠ ᠲᠠᠶᠢᠹᠤᠰᠧ ᠬᠤᠰᠢᠭᠤ ᠨᠢ ᠥᠨᠳᠥᠷ ᠬᠡᠪ  ᠴᠢᠨᠠᠷ ᠪᠦᠬᠦᠢ ᠮᠠᠯᠴᠢᠨ ᠲᠠᠷᠢᠶᠠᠴᠢᠨ ᠤ ᠪᠤᠯᠪᠠᠰᠤᠷᠠᠯ ᠤᠨ ᠲᠥᠷᠥᠯ ᠵᠦᠢᠯ ᠵᠡᠷᠭᠡ ᠳᠤ ᠲᠦᠰᠢᠭᠯᠡᠨ᠂ ︽ᠣᠷᠣᠭᠤᠯᠤᠨ ᠠᠪᠴᠢᠷᠠᠬᠤ︾ ᠪᠠ ︽ᠭᠠᠳᠠᠭᠰᠢ ᠭᠠᠷᠭᠠᠬᠤ︾ ᠬᠡᠯᠪᠡᠷᠢ ᠪᠠᠷ ᠮᠡᠷᠭᠡᠵᠢᠯ ᠴᠢᠳᠠᠪᠤᠷᠢ ᠲᠠᠢ ᠭᠡᠪ ᠪᠤᠯᠪᠠᠰᠤᠷᠠᠯ ᠲᠠᠢ ᠮᠠᠯᠴᠢᠨ ᠲᠠᠷᠢᠶᠠᠴᠢᠨ ᠢ  ᠬᠦᠮᠦᠵᠢᠬᠦᠯᠵᠦ᠂ ᠮᠠᠯᠴᠢᠨ ᠲᠠᠷᠢᠶᠠᠴᠢᠨ ᠤ ᠠᠰᠢᠭ ᠣᠷᠣᠯᠭ᠎ᠠ ᠶᠢ ᠨᠡᠮᠡᠭᠳᠡᠭᠦᠯᠬᠦ  ᠪᠠᠷ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号