ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠤᠳᠤᠷᠢᠳᠬᠤ ᠪᠠᠭ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/28
  6 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠲᠤᠮᠳᠠᠳᠤ ᠤᠯᠤᠰ  ᠤᠨ ᠡᠪ ᠬᠠᠮᠳᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 100 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠵᠢᠭᠠᠨ ᠵᠢᠯᠣᠭᠤᠳᠬᠤ ᠳᠤᠭᠤᠶᠢᠯᠠᠩ ᠤᠨ ᠭᠡᠰᠢᠭᠦᠨ ᠪᠠᠯᠵᠢ᠂ ᠪᠤᠯᠤᠳᠪᠠᠭᠠᠲᠤᠷ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂  ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠶᠢᠨ ᠮᠢᠩ ᠬᠤᠷᠠᠯ ᠳᠤ ᠰᠤᠯᠠ ᠤᠷᠤᠯᠴᠠᠵᠠᠢ᠃ ᠬᠤᠷᠠᠯ ᠳᠡᠭᠡᠷ᠎ᠡ᠂ ᠵᠤᠤ ᠹᠸᠢ ᠫᠧᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠦᠯᠦᠭᠡᠯᠡᠵᠦ ᠬᠠᠷᠢᠴᠠᠭᠤᠯᠤᠨ ᠪᠠᠶᠢᠴᠠᠭᠠᠭᠰᠠᠨ ᠪᠦᠭᠡᠳ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠳᠠ ᠬᠢᠵᠦ᠂  ᠤᠳᠤᠷᠢᠳᠬᠤ ᠪᠠᠭ ᠤᠨ ᠭᠡᠰᠢᠬᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠬᠠᠷᠢᠯᠴᠠᠨ ᠰᠢᠭᠦᠮᠵᠢᠯᠡᠯ  ᠬᠢᠭᠰᠡᠨ ᠪᠠᠶᠢᠨ᠎ᠠ᠃  ᠬᠤᠷᠠᠯ ᠳᠤ ᠣᠷᠣᠯᠴᠠᠭᠰᠠᠨ ᠪᠠᠶᠢᠩᠭᠤ ᠶᠢᠨ ᠭᠡᠰᠢᠭᠦᠳ ᠡᠨᠡ ᠤᠳᠠᠭᠠᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ ᠤᠶᠠᠯᠳᠤᠭᠤᠯᠵᠤ᠂ ᠲᠣᠰ ᠪᠡᠶ᠎ᠡ ᠶᠢᠨ ᠣᠷᠣᠰᠢᠵᠤ ᠪᠠᠶᠢᠭ᠎ᠠ ᠠᠰᠠᠭᠤᠳᠠᠯ ᠵᠢᠴᠢ ᠡᠭᠦᠰᠦᠭᠰᠡᠨ ᠰᠢᠯᠲᠠᠭᠠᠨ ᠢ ᠪᠠᠶᠢᠴᠠᠭᠠᠨ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠬᠤᠶᠢᠰᠢᠳᠠ ᠶᠢᠨ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠪᠠ᠃ ᠪᠠᠯᠵᠢ ᠦᠨᠡᠯᠡᠯᠲᠡ ᠶᠢᠨ ᠶᠠᠷᠢᠶᠠᠨ ᠳᠠᠭᠠᠨ᠂  ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ ᠨᠢ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ ᠠᠵᠢᠯ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠪᠠᠷ ᠵᠣᠬᠢᠶᠠᠨ ᠪᠠᠶᠢᠭᠤᠯᠤᠯᠲᠠ  ᠪᠠ ᠤᠯᠠᠨ ᠲᠦᠮᠡᠨ ᠳᠤ ᠬᠠᠨᠤᠮᠵᠢᠲᠠᠢ ᠬᠠᠷᠢᠭᠤᠯᠲᠠ ᠶᠢ ᠲᠤᠰᠢᠶᠠᠨ᠂  ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠵᠤᠤ ᠹᠸᠢ ᠫᠧᠩ ᠬᠤᠰᠢᠭᠤ ᠨᠠᠮ ᠤᠨ ᠬᠤᠷᠢᠶᠠᠨ ᠤ ᠤᠳᠤᠷᠢᠳᠬᠤ ᠪᠠᠭ ᠢ ᠲᠦᠯᠦᠭᠡᠯᠡᠵᠦ ᠣᠪᠣᠷ ᠢᠶᠠᠨ ᠢᠯᠡᠳᠬᠡᠬᠦ ᠦᠬᠡ ᠬᠡᠯᠡᠬᠦ ᠳᠡᠭᠡᠨ᠂  ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ ᠨᠢ ᠡᠨᠡ ᠤᠳᠠᠭᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠤᠯᠠᠮ ᠴᠢᠩᠭᠠᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠬᠤ ᠠᠵᠢᠯ ᠤᠨ ᠦᠷ᠎ᠡ ᠪᠦᠲᠦᠭᠡᠯ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠡᠭᠡᠷ᠎ᠡ ᠭᠡᠷᠡᠭᠯᠡᠨ᠂ ᠲᠠᠶᠢᠹᠤᠰᠧ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠯᠠᠪᠳᠠᠭᠤᠨ ᠢᠶᠠᠷ  ᠬᠦᠭᠵᠢᠬᠦ ᠶᠢ ᠲᠠᠰᠤᠷᠠᠯᠲᠠ ᠦᠭᠡᠢ ᠠᠬᠢᠭᠤᠯᠤᠨ᠎ᠠ  ᠬᠡᠵᠦ ᠢᠯᠡᠷᠭᠡᠶᠢᠯᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号