ᠯᠦᠸᠧ ᠲᠦᠸᠧ ᠱᠠᠨ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠭᠰᠠᠨ
ᠨᠡᠶᠢᠲᠡᠯᠡᠭᠰᠡᠨ ᠴᠠᠭ᠄
2024/6/28
 6 ᠰᠠᠷ᠎ᠠ ᠶᠢᠨ 27 ᠤ ᠡᠳᠦᠷ᠂  ᠯᠦᠸᠧ ᠲᠦᠸᠧ ᠱᠠᠨ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠵᠤ᠂ ᠪᠥᠬᠦ ᠪᠠᠯᠭᠠᠰᠤᠨ ᠤ ᠡᠯ᠎ᠡ  ᠹᠠᠷᠤᠨᠲ ᠤᠨ 47  ᠨᠡᠷ᠎ᠡ ᠠᠷᠠᠳ ᠤᠨ ᠲᠥᠯᠥᠭᠡᠯᠡᠭᠴᠢ 10 ᠰᠤᠯᠠ ᠣᠷᠣᠯᠴᠠᠭᠰᠠᠳ ᠲᠠᠢ ᠬᠠᠮᠲᠤ ᠨᠢᠭᠡ ᠲᠠᠩᠬᠢᠮ ᠳᠤ ᠴᠤᠭᠯᠠᠷᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶ᠋ᠴᠡᠳᠬᠡᠪᠡ᠃  ᠪᠡᠯᠡᠳᠬᠡᠯ ᠬᠤᠷᠠᠯ ᠳᠡᠭᠡᠷ᠎ᠡ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠦ᠋ ᠲᠤᠤ ᠠᠴᠠ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠶᠡᠭᠡ ᠬᠤᠷᠠᠯ ᠤᠨ ᠵᠥᠪᠯᠡᠬᠦ ᠵᠦᠢᠯ᠂ ᠲᠡᠷᠢᠭᠦᠯᠡᠭᠴᠢᠳ ᠤᠨ ᠪᠦᠯᠬᠦᠮ ᠤᠨ ᠭᠡᠰᠢᠬᠦᠳ᠂ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠵᠢᠴᠢ ᠰᠠᠨᠠᠯ ᠲᠤᠷᠠᠳᠤᠯᠭ᠎ᠠ ᠶᠢ ᠬᠢᠨᠠᠨ ᠪᠠᠶᠢᠴᠠᠭᠠᠬᠤ ᠵᠥᠪᠯᠡᠯ ᠤᠨ ᠭᠡᠰᠢᠬᠦᠳ ᠤᠨ ᠨᠡᠷᠡᠰ ᠢ ᠪᠠᠳᠤᠯᠠᠵᠤ᠂ ᠡᠯ᠎ᠡ ᠲᠥᠯᠥᠭᠡᠯᠡᠭᠴᠢᠳ ᠤᠨ ᠪᠦᠯᠬᠦᠮ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ   ᠢ ᠬᠢᠨᠠᠨ  ᠵᠦᠪᠯᠡᠵᠦ᠂ ᠰᠣᠩᠭᠤᠭᠤᠯᠢ ᠶᠢᠨ ᠠᠷᠭ᠎ᠠ ︵ᠲᠥᠰᠦᠯ︶ ᠶᠢ ᠪᠠᠳᠤᠯᠠᠭᠰᠠᠨ ᠪᠦᠭᠡᠳ ᠲᠡᠷᠢᠭᠦᠯᠡᠭᠴᠢᠳ ᠤᠨ ᠪᠦᠯᠬᠦᠮ ᠤᠨ ᠲᠤᠷᠠᠳᠤᠭᠰᠠᠨ ᠵᠢᠱᠢᠭᠳᠡᠭᠰᠡᠳ ᠤᠨ ᠨᠡᠷᠡᠰ ᠢ ᠶᠠᠷᠢᠯᠴᠠᠵᠤ᠂ ᠪᠢᠯᠧᠲ ᠬᠢᠨᠠᠭᠴᠢ   ᠶᠢ  ᠲᠠᠨᠢᠯᠴᠠᠭᠤᠯᠤᠭᠰᠠᠨ ᠪᠠᠶᠢᠨ᠎ᠠ᠃   ᠲᠠᠷᠠᠭ᠎ᠠ ᠨᠢ ᠶᠡᠭᠡ ᠬᠤᠷᠠᠯ ᠵᠢᠩᠬᠢᠨᠢ ᠪᠠᠷ ᠡᠬᠢᠯᠡᠵᠦ᠂ ᠸᠧᠨ ᠯᠢ ᠭᠠᠩ ᠬᠤᠷᠠᠯ ᠢ ᠡᠷᠬᠢᠯᠡᠨ᠂  ᠪᠠᠭᠠᠲᠤᠷ ᠬᠤᠷᠠᠯ ᠡᠬᠢᠯᠡᠬᠦ ᠦᠭᠡ ᠬᠡᠯᠡᠵᠦ᠂ ᠡᠦ ᠲᠤᠤ᠂  ᠶᠤᠸᠠᠨ ᠰᠢᠶᠤᠤ ᠳ᠋ᠦᠩ᠂ ᠰᠠᠨᠰᠠᠷ ᠠᠴᠠ  ᠲᠤᠰᠪᠤᠷᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠮᠡᠳᠡᠭᠦᠯᠦᠯᠲᠡ᠂  ᠬᠥᠳᠡᠭᠡ ᠲᠣᠰᠬᠤᠨ ᠤ ︽ᠡᠳ᠋ ᠬᠦᠷᠦᠩᠭᠡ ᠡᠬᠢ ᠪᠠᠶᠠᠯᠢᠭ ᠪᠡᠯᠡ  ᠮᠦᠩᠬᠦ︾ ᠶᠢᠨ ᠬᠠᠮᠢᠶᠠᠷᠤᠯᠲᠠ ᠶᠢᠨ ᠠᠵᠢᠯ ᠤᠨ ᠮᠡᠳᠡᠭᠦᠯᠦᠯᠲᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠠ᠃  ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ  ᠤ ᠵᠥᠪ ᠣᠨᠣᠪᠴᠢᠲᠠᠢ ᠵᠢᠯᠣᠭᠤᠳᠤᠯᠭ᠎ᠠ᠂ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠡᠯ᠎ᠡ  ᠲᠦᠷᠦᠯ ᠤᠨ ᠠᠵᠢᠯ ᠤᠨ ᠭᠤᠣᠯ ᠰᠢᠵᠢᠮ ᠪᠤᠯᠭᠠᠨ᠂ ︽ᠵᠢᠷᠭᠤᠭᠠᠨ ᠢᠨᠵᠧᠨᠧᠷᠢᠩ︾ ᠢᠶᠠᠷ ᠭᠠᠷᠳᠠᠴᠠ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠶᠢᠨ ᠲᠤᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ  ᠂ ᠯᠦᠸᠧ ᠲᠦᠸᠧ ᠱᠠᠨ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号