ᠪᠦᠬᠦ ᠬᠤᠰᠢᠭᠤᠨ ᠤ ᠰᠢᠯᠭᠠᠭᠤᠯᠬᠤ ᠰᠤᠷᠤᠭᠴᠢ᠂  ᠬᠡᠷ ᠤᠨ ᠠᠬᠠᠮᠠᠳ᠂ ᠰᠠᠭᠤᠭᠠᠯᠢ ᠠᠷᠠᠳ ᠲᠤ ᠥᠭᠭᠦᠭᠰᠡᠨ ᠨᠢᠬᠡᠨ ᠬᠤᠪᠢ ᠵᠠᠬᠢᠳᠠᠯ
ᠨᠡᠶᠢᠲᠡᠯᠡᠭᠰᠡᠨ ᠴᠠᠭ᠄
2024/6/5
ᠥᠷᠭᠡᠨ ᠣᠯᠠᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠴᠢ  ᠪᠠ ᠲᠡᠳᠡᠨ ᠤ ᠭᠡᠷ ᠤᠨ ᠠᠬᠠᠮᠠᠳ ᠵᠢᠴᠢ ᠰᠠᠭᠤᠭᠠᠯᠢ ᠠᠷᠠᠳ ᠲᠠ ᠪᠦᠬᠦᠨ ᠰᠠᠶᠢᠨ ᠪᠠᠶᠢᠨ᠎ᠠ ᠤᠤ︖    ᠲᠡᠭᠷᠢ ᠨᠢ ᠬᠤᠷ᠎ᠠ ᠪᠠᠨ ᠢᠪᠡᠭᠡᠵᠦ ᠲᠡᠯᠡᠬᠡᠢ ᠨᠢ ᠴᠡᠴᠡᠭ ᠢᠶᠠᠷ ᠮᠦᠰᠢᠶᠡᠭᠰᠡᠨ ᠲᠡᠯᠭᠡᠷ ᠰᠠᠶᠢᠬᠠᠨ ᠵᠤᠨ ᠤ ᠤᠯᠠᠷᠢᠯ ᠪᠤᠯᠬᠤᠶ᠎ᠠ᠂ ᠵᠢᠯ ᠳᠤ ᠨᠢᠬᠡ ᠪᠤᠯᠳᠠᠭ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠳᠠ ᠶᠢᠨ ᠴᠠᠭ ᠴᠤ  ᠲᠤᠯᠤᠭᠠᠳ ᠢᠷᠡᠯ᠎ᠡ᠃ ᠡᠶᠢᠨᠬᠦ 2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ 6 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠶᠠᠪᠤᠭᠳᠠᠬᠤ ᠪᠤᠯᠬᠤᠷ ᠥᠷᠭᠡᠨ ᠣᠯᠠᠨ ᠰᠤᠷᠤᠭᠴᠢᠳ ᠤᠨ ᠢᠶᠠᠨ ᠰᠢᠯᠭᠠᠯᠲᠠ ᠳᠤ ᠤᠷᠤᠭᠰᠢᠲᠠᠶ ᠣᠷᠣᠯᠴᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠴᠢᠬᠤᠯᠠ ᠵᠦᠢᠯᠡᠰ ᠢ ᠳᠤᠤᠷᠠᠬᠢ ᠮᠡᠲᠦ ᠰᠠᠨᠠᠭᠤᠯᠵᠤ ᠪᠠᠶᠢᠨᠠᠮ᠄   ᠨᠢᠭᠡ᠂ ᠰᠡᠳᠬᠢᠯ ᠰᠠᠨᠠᠭ᠎ᠠ ᠪᠠᠨ ᠲᠤᠬᠢᠷᠠᠭᠤᠯᠵᠤ ᠪᠦᠷᠢᠨ ᠪᠡᠯᠡᠳᠬᠡᠯ ᠬᠢᠬᠦ ᠭᠡᠷᠡᠭᠳᠡᠢ᠃ ᠥᠷᠭᠡᠨ ᠣᠯᠠᠨ ᠰᠢᠯᠭᠠᠭᠤᠯᠤᠭᠴᠢ ᠠᠮᠠᠷᠠᠵᠤ ᠰᠤᠷᠤᠯᠴᠠᠬᠤ ᠴᠠᠭ ᠢᠶᠠᠨ ᠵᠦᠶ ᠵᠣᠬᠢᠰᠲᠠᠶ ᠲᠤᠬᠢᠷᠠᠭᠤᠯᠤᠨ᠂ ᠰᠡᠳᠬᠢᠯ ᠰᠠᠨᠠᠭ᠎ᠠ ᠪᠠᠨ ᠠᠭᠤᠵᠢᠭᠤ ᠲᠠᠯᠪᠢᠵᠤ᠂  ᠯᠠᠪᠳᠠᠭᠤᠨ ᠢᠶᠠᠷ ᠰᠢᠯᠭᠠᠯᠲᠠ ᠳᠤ ᠣᠷᠣᠯᠴᠠᠬᠤ ᠶᠢ ᠬᠦᠰᠡᠵᠦ ᠪᠠᠶᠢᠨ᠎ᠠ᠃ ᠢᠳᠡᠭᠡᠨ ᠤᠮᠳᠠᠭᠠᠨ ᠤ ᠠᠷᠢᠭᠤᠨ ᠴᠡᠪᠡᠷ ᠢ ᠠᠩᠬᠠᠷᠤᠨ᠂ ᠵᠣᠬᠢᠬᠤ ᠬᠡᠮᠵᠢᠶ᠎ᠡ ᠪᠠᠷ ᠲᠠᠮᠢᠷ ᠤᠨ ᠪᠣᠯᠪᠠᠰᠤᠷᠠᠯ ᠬᠢᠵᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂  ᠤᠷᠬᠢᠯᠤᠮ᠎ᠠ ᠬᠠᠯᠠᠭᠤᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ  ︽ᠤᠯᠤᠰ ᠤᠨ ᠰᠢᠯᠭᠠᠯᠲᠠ︾ ᠶᠢ ᠤᠭᠲᠤᠬᠤ ᠬᠡᠷᠡᠭᠲᠡᠶ᠃ ᠭᠡᠷ ᠤᠨ ᠠᠬᠠᠮᠠᠳ ᠨᠠᠷ ᠬᠡᠦᠬᠡᠳ ᠤᠨ ᠢᠶᠠᠨ  ᠪᠡᠶ᠎ᠡ ᠮᠠᠬᠠᠪᠣᠳ ᠤᠨ ᠪᠠᠶᠢᠳᠠᠯ ᠪᠣᠯᠤᠨ ᠤᠶᠤᠨ ᠰᠠᠨᠠᠭᠠᠨ ᠤ ᠪᠠᠶᠢᠳᠠᠯ ᠢ ᠴᠠᠭ ᠢᠮᠠᠭᠲᠠ ᠠᠩᠬᠠᠷᠴᠤ᠂ ᠳᠠᠷᠤᠯᠲᠠ ᠥᠭᠬᠦ ᠶᠢ ᠴᠡᠭᠡᠷᠯᠡᠨ᠂  ᠰᠡᠳᠬᠢᠯ  ᠰᠠᠨᠠᠭ᠎ᠠ ᠶᠢ ᠨᠢ ᠲᠠᠶᠢᠳᠬᠤᠷᠠᠭᠤᠯᠬᠤ ᠬᠡᠷᠡᠭᠲᠡᠢ᠃   ᠬᠤᠶᠠᠷ᠂ ᠵᠦᠶ ᠵᠣᠬᠢᠰᠲᠠᠶ ᠲᠦᠯᠦᠪᠵᠢᠬᠦᠯᠵᠦ ᠯᠠᠪᠳᠠᠭᠤᠨ ᠢᠶᠠᠷ ᠰᠢᠯᠭᠠᠯᠲᠠ ᠳᠤ ᠣᠷᠣᠯᠴᠠᠬᠤ ᠬᠡᠷᠡᠭᠲᠡᠶ᠃ ᠰᠢᠯᠭᠠᠭᠤᠯᠬᠤ ᠰᠤᠷᠤᠭᠴᠢᠳ ᠰᠢᠯᠭᠠᠯᠲᠠ ᠶᠢᠨ ᠦᠨᠡᠮᠯᠡᠯ ᠢᠶᠠᠨ ᠤᠷᠢᠳᠴᠢᠯᠠᠨ ᠳᠠᠷᠤᠮᠠᠯᠯᠠᠵᠤ᠂ ᠦᠨᠡᠮᠯᠡᠯ ᠳᠡᠭᠡᠷᠡᠬᠢ ᠰᠢᠯᠭᠠᠯᠲᠠ ᠶᠢᠨ ᠲᠦᠷᠢᠮ ᠢ ᠨᠠᠷᠢᠨ ᠨᠢᠮᠪᠠᠶ ᠤᠩᠰᠢᠵᠤ ᠤᠶᠢᠯᠭᠠᠨ᠂ ᠰᠢᠯᠭᠠᠯᠲᠠ ᠶᠢᠨ ᠴᠠᠭ᠂ ᠰᠢᠯᠭᠠᠯᠲᠠ ᠶᠢᠨ ᠭᠠᠵᠠᠷ ᠪᠠ ᠰᠠᠭᠤᠳᠠᠯ ᠤᠨ ᠳ᠋ᠤᠭᠠᠷ ᠢᠶᠠᠨ ᠰᠠᠶᠢᠨ ᠴᠡᠭᠡᠵᠢᠯᠡᠵᠦ᠂ ᠰᠢᠯᠭᠠᠯᠲᠠ ᠶᠢᠨ ᠲᠠᠯᠠᠪᠠᠢ ᠪᠠᠨ ᠤᠷᠢᠳᠴᠢᠯᠠᠨ ᠣᠶᠢᠯᠠᠭᠠᠵᠤ᠂ ᠶᠠᠪᠤᠵᠤ ᠰᠠᠭᠤᠬᠤ ᠠᠷᠭ᠎ᠠ ᠵᠠᠮ ᠢᠶᠠᠨ ᠵᠦᠶ ᠵᠣᠬᠢᠰᠲᠠᠶ ᠲᠤᠬᠢᠷᠠᠭᠤᠯᠬᠤ ᠭᠡᠷᠡᠭᠳᠡᠢ᠃ 6 ᠰᠠᠷ᠎ᠠ ᠶᠢᠨ 6 ᠤ ᠡᠳᠦᠷ ᠤᠨ 16᠄ 00 ᠴᠠᠭ ᠲᠤ ᠲᠠᠯᠠᠪᠠᠢ ᠳᠤ ᠣᠷᠣᠬᠤ ᠳᠠᠭᠤᠷᠢᠶᠠᠮᠠᠯ ᠰᠣᠷᠢᠯᠲᠠ ᠬᠢᠨ᠎ᠡ  ᠂  7 ᠤ ᠡᠳᠦᠷ ᠠᠴᠠ 8 ᠤ ᠡᠳᠦᠷ ᠲᠤ ᠰᠢᠯᠭᠠᠯᠲᠠ ᠡᠬᠢᠯᠡᠬᠦ ᠠᠴᠠ 45 ᠮᠢᠨᠦ᠋ᠲ ᠤᠨ ᠡᠮᠦᠨ᠎ᠡ ᠰᠢᠯᠭᠠᠯᠳᠠ ᠶᠢᠨ ᠲᠠᠯᠠᠪᠠᠢ ᠳᠤ ᠤᠷᠤᠵᠤ ᠪᠤᠯᠤᠨ᠎ᠠ᠂  ᠰᠢᠯᠭᠠᠯᠲᠠ ᠡᠬᠢᠯᠡᠭᠡᠳ 15 ᠮᠢᠨᠦ᠋ᠲ ᠪᠤᠯᠪᠠᠯ ᠰᠢᠯᠭᠠᠯᠲᠠ ᠶᠢᠨ ᠲᠠᠯᠠᠪᠠᠢ ᠳᠤ ᠤᠷᠤᠭᠤᠯᠬᠤ ᠥᠬᠡᠶ ᠪᠤᠯᠬᠤᠷ ᠬᠤᠵᠢᠮᠳᠠᠬᠤ ᠠᠴᠠ ᠡᠷᠭᠡᠪᠰᠢ ᠬᠢᠴᠢᠶᠡᠬᠦ ᠬᠡᠷᠡᠭᠲᠡᠶ᠃  ᠭᠠᠷ ᠤᠲᠠᠰᠤ ᠮᠡᠳᠦ ᠶᠢᠨ ᠡᠯᠧᠺᠲᠷᠤᠨ ᠲᠥᠬᠦᠭᠡᠷᠦᠮᠵᠢ ᠵᠢᠴᠢ ᠰᠢᠯᠭᠠᠯᠲᠠ ᠲᠢ ᠬᠠᠮᠢᠶ᠎ᠠ ᠦᠬᠡᠢ ᠪᠤᠰᠤᠳ ᠡᠳ᠋ ᠪᠣᠳᠠᠰ ᠢ ᠰᠢᠯᠭᠠᠯᠲᠠ ᠶᠢᠨ ᠲᠠᠯᠠᠪᠠᠢ ᠳᠤ ᠠᠪᠴᠤ ᠣᠷᠣᠬᠤ ᠥᠬᠡᠶ᠃    ᠭᠤᠷᠪᠠ᠂ ᠰᠠᠬᠢᠯᠭ᠎ᠠ ᠪᠠᠲᠤ ᠶᠢ ᠵᠢᠷᠤᠮᠯᠠᠨ ᠦᠨᠡᠨᠴᠢ ᠢᠳᠡᠭᠡᠮᠵᠢ ᠶᠢ ᠡᠷᠬᠢᠮᠯᠡᠬᠦ ᠭᠡᠷᠡᠭᠳᠡᠢ᠃ ᠰᠢᠯᠭᠠᠯᠲᠠ ᠶᠢᠨ ᠲᠠᠯᠠᠪᠠᠢ ᠳᠤ ᠭᠠᠷ ᠤᠲᠠᠰᠤ ᠵᠡᠷᠭᠡ ᠮᠡᠳᠡᠭᠡ ᠵᠠᠩᠭᠢ ᠲᠠᠮᠵᠢᠭᠤᠯᠬᠤ ᠴᠢᠳᠠᠮᠵᠢ ᠲᠠᠢ ᠡᠯᠧᠺᠲᠷᠤᠨ ᠲᠥᠬᠦᠭᠡᠷᠦᠮᠵᠢ ᠠᠪᠴᠤ  ᠤᠷᠤᠪᠠᠯ ᠭᠡᠷᠡᠭᠯᠡᠭᠰᠡᠨ ᠴᠤ ᠭᠡᠷᠡᠭᠯᠡᠭᠰᠡᠨ ᠦᠬᠡᠢ ᠴᠤ ᠪᠦᠷ ᠬᠡᠮ ᠬᠢᠭᠰᠡᠨ ᠢᠶᠠᠷ ᠦᠵᠡᠨ᠎ᠡ᠃  ᠰᠢᠯᠭᠠᠯᠲᠠ ᠶᠢᠨ ᠲᠠᠯᠠᠪᠠᠢ ᠪᠠ ᠰᠢᠯᠭᠠᠯᠳᠠ ᠶᠢᠨ ᠪᠦᠬᠦ ᠶᠠᠪᠤᠴᠠ ᠶᠢ ᠲᠦᠷᠰᠦ ᠰᠢᠩᠭᠡᠭᠡᠯᠳᠡ ᠪᠠᠷ ᠬᠢᠨᠠᠨ ᠡᠵᠡᠮᠳᠡᠵᠦ᠂  ᠲᠦᠷᠢᠮ ᠲᠣᠭᠲᠠᠭᠠᠯ  ᠵᠥᠷᠢᠴᠡᠭᠰᠡᠨ ᠢ ᠮᠠᠭᠠᠳᠯᠠᠨ ᠲᠣᠭᠲᠠᠭᠠᠬᠤ ᠦᠨᠳᠦᠰᠦᠯᠡᠯ ᠪᠣᠯᠭᠠᠨ᠎ᠠ᠃ ᠰᠢᠯᠭᠠᠯᠲᠠ ᠶᠢᠨ ᠬᠠᠭᠤᠳᠠᠰᠤ᠂ ᠰᠡᠳᠦᠪ ᠬᠠᠷᠢᠭᠤᠯᠬᠤ ᠺᠠᠷᠲ᠂ ᠡᠬᠡ ᠨᠤᠤᠷᠠᠭ ᠤᠨ ᠴᠠᠭᠠᠰᠤ ᠵᠡᠷᠭᠡ ᠶᠢ ᠶᠠᠮᠠᠷᠪᠠ ᠬᠡᠯᠪᠡᠷᠢ ᠪᠠᠷ ᠰᠡᠭᠦᠳᠡᠷᠯᠡᠨ ᠳᠠᠮᠵᠢᠭᠤᠯᠬᠤ ᠪᠤᠶᠤ ᠰᠢᠯᠭᠠᠯᠲᠠ ᠶᠢᠨ ᠲᠠᠯᠠᠪᠤᠷ ᠠᠴᠠ ᠠᠪᠴᠤ ᠭᠠᠷᠴᠤ ᠪᠣᠯᠬᠤ ᠥᠬᠡᠶ᠃  ᠰᠠᠬᠢᠯᠭ᠎ᠠ ᠵᠥᠷᠢᠴᠡᠵᠦ ᠭᠡᠮ ᠬᠢᠪᠡᠯ ᠬᠠᠮᠢᠶ᠎ᠠ ᠪᠦᠬᠦᠢ ᠬᠠᠤᠯᠢ ᠲᠦᠷᠢᠮ ᠤᠨ ᠲᠠᠭᠠᠤ ᠬᠠᠷᠢᠭᠤᠴᠠᠯᠭ᠎ᠠ ᠨᠡᠬᠡᠮᠵᠢᠯᠡᠨ᠎ᠡ᠃ ᠥᠷᠭᠡᠨ ᠣᠯᠠᠨ ᠰᠢᠯᠭᠠᠭᠤᠯᠤᠭᠴᠢ ᠰᠢᠯᠭᠠᠯᠲᠠ ᠶᠢᠨ ᠠᠵᠠ ᠲᠣᠬᠢᠶᠠᠯ ᠢ ᠨᠠᠨᠳᠢᠩᠨᠠᠵᠤ᠂ ︽ᠦᠨᠡᠨᠴᠢ ᠢᠲᠡᠭᠡᠮᠵᠢᠲᠡᠶ ᠪᠠᠷ ᠰᠢᠯᠭᠠᠭᠤᠯᠬᠤ︾ ᠬᠤᠷᠢᠭ᠎ᠠ ᠱᠤᠭᠤᠮ ᠢ ᠪᠠᠲᠤ ᠰᠠᠬᠢᠨ᠂ ᠬᠡᠮ ᠬᠢᠬᠦ ᠦᠢᠯᠡ ᠠᠵᠢᠯᠯᠠᠭ᠎ᠠ ᠶᠢ ᠡᠷᠡᠰ ᠴᠡᠭᠡᠷᠯᠡᠵᠦ᠂   ︽ᠤᠯᠤᠰ ᠤᠨ ᠰᠢᠯᠭᠠᠯᠲᠠ︾ ᠶᠢᠨ ᠡᠷᠬᠡ ᠲᠡᠭᠰᠢ᠂ ᠲᠥᠪ ᠭᠤᠣᠯᠴᠢ ᠶᠠᠪᠤᠭᠳᠠᠬᠤ ᠶᠢ  ᠪᠠᠳᠤᠯᠠᠬᠤ ᠭᠡᠷᠡᠭᠳᠡᠢ᠃     ᠳᠥᠷᠪᠡ᠂ ᠪᠤᠰᠤᠳ ᠠᠩᠬᠠᠷᠬᠤ ᠵᠦᠢᠯ  ᠃ ᠰᠢᠯᠭᠠᠯᠲᠠ ᠶᠢᠨ ᠬᠤᠭᠤᠴᠠᠭᠠᠨ ᠳᠤ᠂  ᠬᠦᠮᠦᠨ ᠪᠦᠬᠦᠨ ᠠᠯᠢ ᠴᠢᠳᠠᠬᠤ ᠪᠠᠷ ᠶᠠᠪᠠᠭᠠᠨ ᠶᠠᠪᠤᠬᠤ ᠪᠤᠶᠤ ᠳᠤᠭᠤᠶ ᠤᠨᠤᠬᠤ ᠵᠡᠷᠭᠡ ᠪᠣᠬᠢᠷᠲᠤᠯ ᠥᠬᠡᠶ ᠠᠶᠠᠯᠠᠯ ᠤᠨ ᠠᠷᠭ᠎ᠠ ᠶᠢ ᠰᠣᠩᠭᠤᠵᠤ᠂ ᠵᠠᠮ ᠬᠠᠷᠢᠯᠴᠠᠭᠠᠨ ᠤ ᠳᠠᠷᠤᠯᠲᠠ ᠶᠢ ᠪᠠᠭᠠᠰᠬᠠᠨ᠂ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠰᠢᠯᠭᠠᠯᠲᠠ ᠶᠢᠨ ᠲᠠᠯᠠᠪᠠᠢ ᠶᠢᠨ ᠤᠶᠢᠷ᠎ᠠ ᠤᠷᠴᠢᠨ ᠳᠤ ᠲᠡᠷᠭᠡ ᠵᠣᠭᠰᠣᠭᠠᠵᠤ ᠪᠣᠯᠬᠤ ᠥᠬᠡᠶ᠃ ᠰᠢᠯᠭᠠᠯᠲᠠ ᠶᠢᠨ ᠬᠤᠭᠤᠴᠠᠭᠠᠨ ᠳᠤ  ᠵᠠᠮ ᠬᠠᠷᠢᠯᠴᠠᠭᠠᠨ ᠤ ᠲᠦᠷ ᠴᠠᠭ ᠤᠨ ᠬᠠᠮᠢᠶᠠᠷᠤᠯᠲᠠ ᠶᠢ ᠭᠡᠷᠡᠭᠵᠢᠬᠦᠯᠬᠦ ᠪᠤᠯᠬᠤᠷ᠂ ᠡᠷᠭᠡᠪᠰᠢ ᠴᠠᠭᠳᠠᠭ᠎ᠠ ᠠᠵᠢᠯᠳᠠᠨ ᠤ ᠵᠢᠯᠣᠭᠤᠳᠣᠯᠭ᠎ᠠ ᠶᠢ ᠲᠠᠭᠠᠬᠤ ᠭᠡᠷᠡᠭᠳᠡᠢ᠂ ᠲᠡᠷᠭᠡ ᠬᠥᠰᠬᠡ ᠵᠢᠯᠤᠭᠤᠳᠬᠤ ᠳᠠᠭᠠᠨ ᠠᠮᠤᠷ ᠲᠦᠪᠰᠢᠨ ᠢ ᠪᠠᠳᠤᠯᠠᠵᠤ᠂ ᠬᠡᠷᠪᠡ ᠰᠢᠯᠭᠠᠭᠤᠯᠤᠭᠴᠢ ᠲᠣᠬᠢᠶᠠᠯᠳᠤᠪᠠᠯ ᠤᠬᠠᠮᠰᠠᠷ ᠠᠴᠠ ᠪᠠᠨ ᠵᠠᠮ ᠲᠠᠯᠪᠢᠨ᠎ᠠ᠃ ᠰᠢᠯᠭᠠᠯᠲᠠ ᠶᠢᠨ ᠲᠠᠯᠠᠪᠠᠢ ᠶᠢᠨ ᠤᠶᠢᠷ᠎ᠠ ᠤᠷᠴᠢᠨ ᠳᠤ ᠪᠠᠷᠠᠭ᠎ᠠ ᠲᠠᠸᠠᠷ ᠲᠡᠯᠬᠡᠨ ᠬᠤᠳᠠᠯᠳᠤᠵᠤ ᠪᠣᠯᠬᠤ ᠥᠬᠡᠶ᠂ ᠬᠠᠭᠤᠷᠮᠠᠭ ᠮᠠᠭᠤ ᠪᠢᠴᠢᠭ ᠤᠨ ᠬᠡᠷᠡᠭᠰᠡᠯ ᠪᠤᠶᠤ ᠬᠠᠤᠯᠢ ᠠᠴᠠ ᠵᠥᠷᠢᠴᠡᠭᠰᠡᠨ ᠪᠤᠰᠤᠳ ᠲᠠᠸᠠᠷ ᠢ ᠪᠣᠷᠣᠯᠠᠭᠤᠯᠬᠤ ᠶᠢ ᠴᠢᠩᠭ᠎ᠠ ᠴᠠᠭᠠᠵᠠᠯᠠᠨ᠎ᠠ᠃ ᠦᠨᠦᠳᠦᠷ ᠠᠴᠠ ᠡᠬᠢᠯᠡᠭᠡᠳ ᠰᠢᠯᠭᠠᠯᠲᠠ ᠲᠠᠭᠤᠰᠳᠠᠯ᠎ᠠ᠂ ᠰᠢᠯᠭᠠᠯᠳᠠ ᠶᠢᠨ ᠲᠠᠯᠠᠪᠠᠢ ᠶᠢᠨ ᠤᠶᠢᠷ᠎ᠠ ᠤᠷᠴᠢᠨ   ᠳᠠᠬᠢ ᠰᠠᠭᠤᠭᠠᠯᠢ ᠡᠷᠦᠬᠡ᠂ ᠳᠡᠯᠭᠡᠭᠦᠷ ᠬᠤᠳᠠᠯᠳᠤᠭ᠎ᠠ ᠵᠡᠷᠭᠡ ᠭᠤᠤᠯ ᠴᠣᠭᠴᠠ ᠨᠢ ᠲᠡᠪᠵᠢᠶᠡᠷᠡᠵᠦ ᠱᠤᠤᠬᠢᠯᠳᠤᠬᠤ ᠥᠬᠡᠶ᠂ ᠫᠤᠤᠵᠢᠩ ᠲᠠᠯᠪᠢᠬᠤ ᠥᠬᠡᠶ᠂ ᠰᠢᠯᠭᠠᠯᠲᠠ ᠶᠢ ᠨᠥᠯᠥᠭᠡᠯᠡᠬᠦ ᠥᠬᠡᠶ ᠪᠠᠶᠢᠬᠤ ᠭᠡᠷᠡᠭᠳᠡᠢ᠃ ᠰᠢᠯᠭᠠᠯᠲᠠ ᠶᠢᠨ ᠬᠤᠭᠤᠴᠠᠭᠠᠨ ᠳᠤ ᠰᠢᠯᠭᠠᠯᠲᠠ ᠶᠢᠨ ᠲᠠᠯᠠᠪᠠᠢ ᠶᠢᠨ  ᠤᠶᠢᠷ᠎ᠠ ᠤᠷᠴᠢᠨ ᠳᠠᠬᠢ ᠪᠠᠷᠢᠯᠭ᠎ᠠ ᠶᠢᠨ ᠠᠵᠢᠯ ᠢ ᠲᠦᠷ ᠵᠣᠭᠰᠣᠭᠠᠨ᠎ᠠ᠃ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠯᠲᠠ ᠶᠢᠨ ᠲᠠᠯᠠᠪᠠᠢ ᠶᠢᠨ ᠴᠢᠮᠡᠭᠡ ᠬᠤᠯᠪᠣᠭᠠᠨ ᠤ ᠳᠣᠬᠢᠶ᠎ᠠ ᠶᠢ ᠬᠠᠯᠬᠠᠯᠠᠭᠰᠠᠨ ᠠᠴᠠ ᠪᠤᠯᠵᠤ ᠣᠶᠢᠷ᠎ᠠ ᠬᠠᠪᠢ ᠶᠢᠨ ᠭᠠᠵᠠᠷ ᠤᠷᠤᠨ ᠳᠤ ᠴᠢᠮᠡᠭᠡ ᠨᠡᠪᠲᠡᠷᠡᠯᠭᠡ ᠶᠢᠨ ᠲᠠᠯᠠᠪᠠᠷ ᠳᠥᠭᠦᠮ ᠪᠤᠰᠤ ᠪᠠᠶᠢᠳᠠᠯ ᠭᠠᠷᠴᠤ ᠮᠡᠳᠡᠨ᠎ᠡ᠂  ᠤᠶᠢᠯᠠᠭᠠᠨ ᠲᠡᠮᠵᠢᠬᠦ ᠶᠢ ᠬᠦᠰᠡᠵᠦ ᠪᠠᠶᠢᠨ᠎ᠠ᠃ ᠰᠢᠯᠭᠠᠯᠲᠠ ᠶᠢᠨ ᠬᠤᠭᠤᠴᠠᠭᠠᠨ ᠳᠤ  ᠤᠯᠠᠨ  ᠢᠶᠠᠷ ᠢᠶᠠᠨ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠢ ᠲᠠᠷᠬᠠᠭᠠᠬᠤ ᠥᠬᠡᠶ ᠪᠠᠶᠢᠵᠤ᠂ ᠰᠢᠯᠭᠠᠯᠲᠠ ᠯᠤᠭ᠎ᠠ ᠬᠤᠯᠪᠣᠭᠳᠠᠬᠤ ᠦᠨᠡᠨ ᠪᠣᠳᠠᠲᠠᠶ ᠪᠤᠰᠤ ᠶᠠᠷᠢᠶ᠎ᠠ ᠬᠡᠯᠡᠯᠴᠡᠭᠡ ᠪᠠ ᠪᠤᠰᠤᠳ ᠮᠡᠳᠡᠭᠡ ᠵᠠᠩᠭᠢ ᠶᠢ ᠲᠠᠷᠬᠠᠭᠠᠬᠤ ᠥᠬᠡᠶ ᠪᠠᠶᠢᠵᠠᠭᠠᠶ᠎ᠠ᠃    ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠨᠢ ᠡᠬᠡ ᠤᠯᠤᠰ ᠤᠨ ᠢᠷᠡᠭᠡᠳᠦᠶ ᠲᠠᠢ ᠬᠤᠯᠪᠤᠭᠳᠠᠨ᠎ᠠ᠂ ᠡᠷᠬᠢᠮ ᠲᠠᠨᠠᠷ ᠰᠢᠯᠭᠠᠭᠤᠯᠤᠭᠴᠢᠳ ᠲᠠᠢ ᠰᠡᠳᠬᠢᠯ ᠵᠢᠷᠦᠬᠡ ᠪᠠᠨ ᠬᠤᠯᠪᠣᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠠᠭ᠎ᠠ ᠶᠠᠪᠤᠳᠠᠯ ᠠᠴᠠ ᠡᠬᠢᠯᠡᠨ ᠬᠢᠵᠦ᠂  ᠰᠢᠯᠢᠳᠡᠭ ᠰᠠᠶᠢᠨ ᠰᠢᠯᠭᠠᠯᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂  ᠥᠷᠭᠡᠨ ᠣᠯᠠᠨ ᠰᠢᠯᠭᠠᠭᠤᠯᠤᠭᠴᠢ ᠳᠤ ᠬᠠᠯᠠᠮᠵᠢ ᠲᠡᠮᠵᠢᠯᠭᠡ ᠪᠠᠨ ᠦᠭᠬᠦ  ᠶᠢ ᠬᠦᠰᠡᠵᠦ ᠪᠠᠶᠢᠨ᠎ᠠ᠃  ᠮᠦᠨ ᠴᠤ ᠥᠷᠭᠡᠨ ᠣᠯᠠᠨ ᠰᠢᠯᠭᠠᠭᠤᠯᠤᠭᠴᠢ ᠢᠶᠠᠨ ᠢᠶᠠᠨ ᠬᠢᠨᠠᠭᠤᠷ  ᠯᠠᠪᠳᠠᠭᠤᠨ ᠢᠶᠠᠷ ᠰᠢᠯᠭᠠᠯᠲᠠ ᠳᠤ ᠣᠷᠣᠯᠴᠠᠵᠤ᠂ ᠠᠯᠲᠠᠨ ᠰᠠᠮᠪᠠᠷ᠎ᠠ ᠳᠤ ᠨᠡᠷ᠎ᠡ ᠪᠠᠨ ᠪᠢᠴᠢᠬᠦᠯᠵᠦ᠂  ᠰᠠᠨᠠᠭᠰᠠᠨ ᠬᠦᠰᠡᠯ ᠢᠶᠠᠨ ᠲᠡᠷᠭᠡᠯᠰᠢᠬᠦᠯᠦᠨ ᠪᠡᠶᠡᠯᠡᠬᠦᠯᠬᠦ ᠶᠢ ᠬᠦᠰᠡᠵᠦ ᠪᠠᠶᠢᠨ᠎ᠠ︕ ᠲᠠ ᠪᠦᠬᠦᠨ ᠳᠤ ᠠᠮᠤᠷ ᠠᠮᠤᠭᠤᠯᠠᠩ ᠠᠵᠠ ᠵᠢᠷᠭᠠᠯ ᠵᠥᠩᠨᠡᠶ᠎ᠡ︕                            ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ                                   2024 ᠣᠨ ᠤ 6 ᠰᠠᠷ᠎ᠠ ᠶᠢᠨ 3 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号