ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠠᠵᠢᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2024/6/8
 6 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠤᠤᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠥᠪᠥᠷ ᠮᠣᠩᠭᠤᠯ ᠤᠨ ᠱᠠᠰᠢᠨ ᠰᠤᠷᠲᠠᠬᠤᠨ ᠤ ᠠᠵᠢᠯ ᠤᠨ ᠰᠤᠳᠤᠯᠭᠠᠨ ᠤ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠸᠠᠩ ᠶᠦᠩ ᠵᠡᠷᠭᠡ ᠬᠦᠮᠦᠰ ᠲᠠᠶᠢᠹᠤᠰᠧ ᠬᠤᠰᠢᠭᠤᠨ ᠳᠤ ᠬᠦᠨᠵᠡᠬᠡᠶᠢᠷᠡᠨ᠂ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠵᠡᠢ᠃ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶᠠᠨ ᠤ ᠳᠠᠷᠤᠭ᠎ᠠ  ᠰᠤᠳᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠶᠢᠹᠤᠰᠧ ᠬᠤᠰᠢᠭᠤᠨ ᠤ ᠺᠠᠲ᠋ᠤᠯᠢᠭ ᠱᠠᠰᠢᠨ ᠪᠠ ᠾᠷᠢᠰᠲ᠋ᠣᠰ ᠤᠨ ᠱᠠᠰᠢᠨ ᠤ ᠬᠢᠨ᠂ ᠬᠡᠰᠡᠭ ᠨᠢᠭᠡᠳᠦᠮᠡᠯ ᠹᠠᠷᠤᠨᠲ ᠤᠨ ᠭᠡᠰᠢᠭᠦᠨ ᠪᠠ ᠱᠠᠰᠢᠨ ᠰᠤᠷᠳᠠᠬᠤᠨ ᠤ ᠠᠵᠢᠯ ᠤᠨ ᠬᠤᠯᠪᠣᠭᠠᠴᠢᠳ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠲᠠᠶᠢᠹᠤᠰᠧ ᠬᠤᠰᠢᠭᠤᠨ ᠤ ᠱᠠᠰᠢᠨ ᠰᠤᠷᠳᠠᠬᠤᠨ ᠤ ᠠᠵᠢᠯ ᠢ ᠭᠦᠢᠴᠡᠳ ᠨᠤᠳᠠᠯᠠᠭᠰᠠᠨ  ᠤ ᠬᠠᠮᠳᠤ᠂ ᠺᠠᠲ᠋ᠤᠯᠢᠭ ᠱᠠᠰᠢᠨ ᠤ ᠲᠤᠰ ᠬᠤᠰᠢᠭᠤᠨ ᠳᠠᠬᠢ ᠬᠥᠭᠵᠢᠯᠲᠡ ᠶᠢᠨ ᠲᠡᠦᠬᠡ ᠪᠠ ᠣᠳᠣᠬᠢ ᠪᠠᠶᠢᠳᠠᠯ ᠢ ᠤᠶᠢᠯᠠᠭᠠᠨ᠂ ᠱᠠᠰᠢᠨ ᠰᠤᠷᠳᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠪᠠᠶᠠᠯᠢᠭ ᠠᠭᠤᠯᠤᠭᠳᠠᠬᠤᠨ ᠪᠠ ᠪᠣᠳᠠᠲᠠᠶ ᠠᠷᠭ᠎ᠠ ᠪᠤᠳᠤᠯᠭ᠎ᠠ ᠶᠢᠨ ᠲᠠᠯ᠎ᠠ ᠪᠠᠷ  ᠶᠠᠷᠢᠯᠴᠠᠨ ᠰᠤᠯᠢᠯᠴᠠᠵᠠᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠣᠣᠴᠠᠩ ᠪᠠᠯᠭᠠᠰᠤᠨ ᠤ ᠺᠠᠲ᠋ᠤᠯᠢᠭ ᠱᠠᠰᠢᠨ ᠤ ᠲᠤᠭᠠᠩ ᠳᠤ ᠬᠦᠷᠴᠦ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠭᠰᠡᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂  ᠱᠠᠰᠢᠨ ᠰᠤᠷᠳᠠᠬᠤᠨ ᠤ ᠡᠳᠡᠭᠡᠳ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠶᠢ ᠨᠢᠭᠡᠨ ᠴᠢᠬᠤᠯᠠ ᠲᠡᠦᠬᠡᠲᠦ ᠡᠭᠦᠷᠭᠡ ᠪᠣᠯᠭᠠᠵᠤ᠂ ᠨᠠᠮ ᠯᠤᠭ᠎ᠠ ᠰᠡᠳᠬᠢᠯ ᠪᠠᠨ ᠨᠢᠭᠡᠳᠭᠡᠨ ᠴᠢᠭᠯᠡᠯ ᠢᠶᠠᠨ ᠬᠠᠮᠳᠤᠳᠬᠠᠵᠤ ᠤᠷᠤᠭᠰᠢᠯᠠᠬᠤ ᠬᠡᠷᠡᠭᠲᠡᠶ᠃ ᠱᠠᠰᠢᠨ ᠰᠤᠷᠲᠠᠬᠤᠨ ᠤ ᠠᠵᠢᠯ ᠤᠨ ᠺᠠᠳ᠋ᠷ᠂ ᠱᠠᠰᠢᠨ ᠰᠤᠷᠲᠠᠬᠤᠨ ᠤ ᠠᠵᠢᠯ ᠤᠨ ᠬᠤᠯᠪᠣᠭᠠᠴᠢᠨ ᠨᠠᠷ ᠱᠠᠰᠢᠨ ᠰᠤᠷᠲᠠᠬᠤᠨ ᠤ  ᠲᠦᠷᠦ ᠶᠢᠨ ᠪᠤᠳᠤᠯᠭ᠎ᠠ ᠪᠠ ᠬᠠᠤᠯᠢ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠱᠠᠠᠰᠢᠨ ᠰᠤᠷᠳᠠᠬᠤᠨ ᠤ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠱᠠᠰᠢᠨ ᠰᠤᠷᠲᠠᠬᠤᠨ ᠤ ᠡᠲᠡᠭᠡᠳ ᠢ ᠵᠢᠯᠣᠭᠤᠳᠴᠤ ᠪᠠᠶᠢᠭᠠᠳ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂  ᠱᠠᠰᠢᠨ ᠰᠤᠷᠳᠠᠬᠤᠨ ᠤ ᠰᠤᠷᠲᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠥᠪᠡᠷ ᠢ ᠪᠠᠨ ᠬᠠᠮᠢᠶᠠᠷᠬᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号