ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2024/6/8
 6 ᠰᠠᠷ᠎ᠠ ᠶᠢᠨ 7 ᠤ ᠡᠳᠦᠷ᠂  ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠠᠰᠠᠭ ᠵᠠᠬᠢᠷᠭᠠᠨ ᠤ ᠲᠥᠪ ᠲᠤ ᠬᠤᠷᠠᠯᠳᠤᠵᠤ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠤᠨ ᠨᠠᠶᠢᠳᠠᠯᠭ᠎ᠠ ᠪᠠᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠢ ᠡᠷᠬᠢᠯᠡᠵᠡᠢ᠃ ᠬᠤᠷᠠᠯ ᠲᠡᠭᠡᠷ᠎ᠡ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠮᠡᠳᠡᠭᠳᠡᠯ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠭᠰᠠᠨ ᠪᠦᠭᠡᠳ ᠭᠠᠵᠠᠷ ᠤᠨ ᠲᠠᠰ ᠤᠨ ᠤᠳᠤᠷᠢᠳᠤᠯᠭ᠎ᠠ ᠨᠠᠷ ᠠᠴᠠ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠲᠣᠭᠤᠷᠢᠨ ᠳᠤ ᠰᠤᠳᠤᠯᠤᠨ ᠶᠠᠷᠢᠯᠴᠠᠪᠠ᠃ ᠬᠤᠷᠠᠯ ᠲᠡᠭᠡᠷ᠎ᠡ ᠪᠠᠰᠠ ᠲᠤᠰᠬᠠᠢ ᠰᠡᠳᠦᠪᠲᠦ ᠲᠠᠶᠢᠯᠤᠮᠵᠢ  ᠶᠢᠨ   ᠺᠢᠨᠤ᠋ ᠹᠢᠯᠢᠮ ᠦᠵᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号