ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠤᠨ ᠨᠢᠭᠡᠳᠦᠯᠲᠡᠶ ᠪᠠᠶᠢᠷᠢᠯᠠᠭᠤᠯᠤᠯᠲᠠ ᠪᠠᠷ᠂ 6 ᠰᠠᠷ᠎ᠠ ᠶᠢᠨ 27 ᠤ ᠡᠳᠦᠷ ᠬᠤᠰᠢᠭᠤ ᠨᠠᠮ ᠤᠨ ᠬᠤᠷᠢᠶᠠᠨ ᠤ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ ᠶᠢᠨ ᠬᠢᠨ ᠴᠢᠶᠠᠨ ᠶᠢᠨ | ᠭᠸᠦ ᠪᠠᠯᠭᠠᠰᠤᠨ ᠤ ᠴᠠᠩ ᠱᠧᠩ ᠲᠣᠰᠬᠤᠨ ᠳᠤ ᠬᠦᠨᠵᠡᠬᠡᠶᠢᠷᠡᠵᠦ ᠪᠣᠯᠪᠠᠰᠤᠷᠠᠯ ᠢ ᠬᠡᠷ ᠲᠤᠨᠢ ᠬᠦᠷᠭᠡᠬᠦ ᠠᠵᠢᠯᠯᠠᠭ᠎ᠠ | ᠥᠷᠨᠢᠭᠦᠯᠪᠡ᠃ ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠯᠧᠺᠲ᠋ᠣᠷ ᠲᠠᠩ | ᠵᠧ ᠯᠢᠩ ᠠᠴᠠ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ︾ ᠤᠨ ᠭᠤᠤᠯ ᠰᠡᠳᠦᠪ ᠲᠠᠢ | ᠤᠶᠠᠯᠳᠤᠭᠤᠯᠵᠤ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ | ᠠᠴᠢ ᠬᠤᠯᠪᠣᠭᠳᠠᠯ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ | ᠲᠦᠷᠢᠮ︾ ᠤᠨ ᠲᠤᠬᠠᠢ ᠨᠠᠷᠢᠨ ᠲᠠᠶᠢᠯᠤᠮᠵᠢ ᠬᠢᠭᠰᠡᠨ ᠤ ᠬᠠᠮᠳᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠵᠠᠷᠯᠠᠨ ᠮᠡᠳᠡᠭᠳᠡᠭᠰᠡᠨ ᠣᠯᠠᠨ ᠲᠦᠮᠡᠨ ᠤ ᠳᠡᠷᠭᠡᠳᠡ ᠭᠠᠷᠤᠭᠰᠠᠨ ᠰᠠᠬᠢᠯᠭ᠎ᠠ ᠪᠠᠲᠤ ᠵᠥᠷᠢᠴᠡᠭᠰᠡᠨ | ᠦᠯᠢᠭᠡᠷ ᠵᠢᠱᠢᠶ᠎ᠡ ᠶᠢ ᠶᠠᠷᠢᠵᠤ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠬᠦᠳ ᠲᠤ ᠨᠠᠮ ᠤᠨ ᠰᠠᠬᠢᠯᠭ᠎ᠠ ᠪᠠᠲᠤ ᠶᠢ | ᠤᠯᠠᠮ ᠬᠦᠨᠵᠡᠬᠡᠢ ᠤᠶᠢᠯᠠᠭᠠᠭᠤᠯᠤᠭᠰᠠᠨ ᠪᠠᠶᠢᠨ᠎ᠠ᠃ ᠡᠨᠡ ᠤᠳᠠᠭᠠᠨ ᠤ ᠪᠣᠯᠪᠠᠰᠤᠷᠠᠯ ᠢ ᠬᠡᠷ ᠲᠤᠨᠢ ᠬᠦᠷᠭᠡᠬᠦ | ᠠᠵᠢᠯᠯᠠᠭ᠎ᠠ ᠪᠠᠷ ᠲᠠᠮᠵᠢᠭᠠᠳ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ | ᠴᠢᠩᠭᠠᠳᠬᠠᠨ᠂ ᠨᠠᠮ ᠤᠨ ᠭᠡᠰᠢᠭᠦᠳ ᠤᠨ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠢ ᠦᠨᠡᠨᠬᠦ ᠴᠢᠩᠭᠠᠷᠠᠭᠤᠯᠵᠠᠢ᠃ |