ᠤᠯᠠᠨ ᠰᠠᠯᠠᠭ᠎ᠠ ᠮᠦᠴᠢᠷ  ᠬᠤᠯᠪᠤᠭᠠᠯᠠᠵᠤ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/7/1
  ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠡᠷᠭᠡ ᠠᠰᠠᠭᠤᠳᠠᠯ ᠢ ᠴᠢᠩᠭ᠎ᠠ ᠴᠡᠭᠴᠡᠯᠡᠨ ᠵᠠᠰᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠭᠠᠯ ᠰᠡᠷᠭᠡᠶᠢᠯᠡᠬᠦ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠵᠦ ᠪᠤᠢ᠃ ᠶᠠᠭᠤᠨ ᠤ ᠤᠷᠢᠳ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ︽ᠪᠠᠶᠢᠴᠠᠭᠠᠬᠤ᠂ ᠵᠢᠯᠣᠭᠤᠳᠬᠤ᠂ ᠤᠬᠠᠭᠤᠯᠬᠤ︾ ᠠᠷᠭ᠎ᠠ ᠬᠡᠯᠪᠡᠷᠢ ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠡᠵᠡᠩᠨᠡᠯᠲᠡ ᠶᠢᠨ ᠴᠡᠭ᠂ ᠰᠡᠯᠪᠢᠨ ᠵᠠᠰᠠᠬᠤ  ᠭᠠᠵᠠᠷ ᠤᠳ ᠢᠶᠠᠷ ᠭᠦᠨᠵᠡᠭᠡᠶᠢᠷᠡᠨ᠂ ᠡᠵᠡᠩᠨᠡᠯᠳᠡ ᠶᠢᠨ ᠦᠨᠡᠮᠯᠡᠯ᠂  ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ᠂ 3C ᠭᠡᠷᠡᠴᠢᠯᠡᠭᠡ ᠶᠢᠨ ᠦᠨᠡᠮᠯᠡᠯ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠵᠢᠴᠢ ᠴᠠᠬᠢᠯᠭᠠᠨ ᠬᠤᠷᠢᠶᠠᠭᠤᠷ᠂ ᠴᠠᠬᠢᠯᠭᠠᠨ ᠴᠡᠨᠡᠭᠯᠡᠬᠦᠷ᠂ ᠰᠡᠯᠪᠢᠭ ᠲᠣᠨᠤᠭ ᠵᠡᠷᠭᠡ  ᠶᠢᠨ ᠬᠢᠷᠢ ᠲᠡᠩᠴᠡᠭᠰᠡᠨ ᠭᠡᠷᠡᠴᠢ ᠪᠠᠷᠢᠮᠳᠠ ᠶᠢ ᠰᠢᠯᠭᠠᠨ ᠪᠠᠶᠢᠴᠠᠭᠠᠭᠬᠤ ᠶᠢᠨ ᠬᠠᠮᠲᠤ᠂  ᠡᠵᠡᠩᠨᠡᠯᠳᠡ ᠶᠢᠨ ᠲᠠᠯᠠᠪᠤᠷ ᠤᠨ ᠠᠶᠤᠯ ᠠᠴᠠ ᠵᠠᠶᠢᠯᠠᠬᠤ ᠡᠭᠦᠳᠡ᠂ ᠭᠠᠯ ᠤᠨᠳᠠᠷᠠᠭᠠᠬᠤ ᠪᠠᠭᠠᠵᠢ ᠲᠦᠬᠦᠭᠡᠷᠦᠮᠵᠢ ᠵᠡᠷᠭᠡ ᠳᠤ ᠨᠠᠷᠢᠨ ᠪᠠᠶᠢᠴᠠᠭᠠᠯᠲᠠ ᠬᠢᠵᠦ  ᠡᠵᠡᠩᠨᠡᠭᠴᠢᠳ ᠲᠤ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ᠂ ᠬᠤᠳᠠᠯᠳᠤᠨ ᠪᠣᠷᠣᠯᠠᠭᠤᠯᠬᠤ᠂ ᠰᠡᠯᠪᠢᠨ ᠵᠠᠰᠠᠬᠤ ᠬᠦᠷᠢᠶ᠎ᠡ ᠴᠠᠷᠠᠭᠠᠨ ᠤ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠲᠦᠷᠢᠮᠵᠢᠬᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠪᠡ᠃  ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠪᠠᠰᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠪᠤᠤᠴᠠᠩ ᠪᠠᠯᠭᠠᠰᠤ᠂ ᠨᠡᠶᠢᠭᠡᠮ ᠲᠣᠭᠤᠷᠢᠭ ᠲᠠᠢ ᠬᠤᠯᠪᠣᠭᠠᠯᠠᠨ ᠰᠠᠭᠤᠭᠠᠯᠢ ᠲᠣᠭᠤᠷᠢᠭ  ᠤᠳ ᠢᠶᠠᠷ ᠭᠦᠨᠵᠡᠭᠡᠶᠢᠷᠡᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠢ ᠭᠠᠯ ᠤᠨᠲᠠᠷᠠᠭᠠᠬᠤ ᠵᠠᠮ ᠢ ᠬᠠᠰᠢᠵᠤ ᠪᠥᠭᠯᠡᠬᠦ᠂ ᠲᠣᠭᠲᠠᠭᠠᠯ ᠠᠴᠠ ᠵᠥᠷᠢᠴᠡᠨ ᠤᠳᠠᠰᠤ ᠲᠠᠳᠠᠵᠤ ᠴᠠᠬᠢᠯᠭᠠᠨ ᠴᠡᠨᠡᠭᠯᠡᠬᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ  ᠲᠤᠷ᠎ᠠ ᠪᠠᠷ ᠢᠶᠠᠨ ᠵᠤᠭᠰᠤᠭᠠᠬᠤ᠂ ᠰᠢᠲᠠᠮᠠᠬᠠᠶ ᠨᠣᠴᠣᠮᠠᠲᠠᠭᠠᠶ ᠡᠳ᠋ ᠪᠣᠳᠠᠰ ᠣᠪᠣᠭᠠᠯᠠᠭᠰᠠᠨ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ  ᠴᠡᠭᠴᠡᠯᠡᠨ ᠰᠠᠶᠢᠵᠢᠷᠠᠭᠤᠯᠬᠤ  ᠱᠠᠭᠠᠷᠳᠠᠯᠭ᠎ᠠ ᠶᠢ ᠲᠤᠷᠠᠳᠤᠭᠰᠠᠨ ᠪᠠᠶᠢᠨ᠎ᠠ᠃ ᠡᠭᠦᠨ ᠤ ᠬᠠᠮᠲᠤ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯᠲᠠᠨ ᠢ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂  ᠰᠠᠭᠤᠭᠠᠯᠢ ᠠᠷᠠᠳ ᠤᠨ ᠬᠠᠤᠯᠢ ᠲᠦᠷᠢᠮ ᠵᠦᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠬᠦᠯᠬᠦ ᠪᠠ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号