ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ —ᠬᠤᠰᠢᠭᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ ᠴᠠᠩ ᠱᠧᠩ ᠲᠣᠰᠬᠤᠨ  ᠳᠤ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/7/1
  ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠨᠢᠭᠡᠳᠦᠯᠲᠡᠶ ᠪᠠᠶᠢᠷᠢᠯᠠᠭᠤᠯᠤᠯᠲᠠ ᠪᠠᠷ᠂ 6 ᠰᠠᠷ᠎ᠠ ᠶᠢᠨ 27 ᠤ ᠡᠳᠦᠷ ᠬᠤᠰᠢᠭᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ ᠶᠢᠨ ᠬᠢᠨ ᠴᠢᠶᠠᠨ ᠶᠢᠨ ᠭᠸᠦ ᠪᠠᠯᠭᠠᠰᠤᠨ ᠤ ᠴᠠᠩ ᠱᠧᠩ ᠲᠣᠰᠬᠤᠨ ᠳᠤ ᠬᠦᠨᠵᠡᠬᠡᠶᠢᠷᠡᠵᠦ ᠪᠣᠯᠪᠠᠰᠤᠷᠠᠯ ᠢ ᠬᠡᠷ ᠲᠤᠨᠢ ᠬᠦᠷᠭᠡᠬᠦ ᠠᠵᠢᠯᠯᠠᠭ᠎ᠠ ᠥᠷᠨᠢᠭᠦᠯᠪᠡ᠃  ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠯᠧᠺᠲ᠋ᠣᠷ ᠲᠠᠩ ᠵᠧ ᠯᠢᠩ ᠠᠴᠠ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ︾ ᠤᠨ ᠭᠤᠤᠯ ᠰᠡᠳᠦᠪ ᠲᠠᠢ ᠤᠶᠠᠯᠳᠤᠭᠤᠯᠵᠤ  ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾   ᠤᠨ ᠲᠤᠬᠠᠢ  ᠨᠠᠷᠢᠨ ᠲᠠᠶᠢᠯᠤᠮᠵᠢ ᠬᠢᠭᠰᠡᠨ ᠤ ᠬᠠᠮᠳᠤ᠂  ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠷᠯᠠᠨ ᠮᠡᠳᠡᠭᠳᠡᠭᠰᠡᠨ ᠣᠯᠠᠨ ᠲᠦᠮᠡᠨ ᠤ ᠳᠡᠷᠭᠡᠳᠡ ᠭᠠᠷᠤᠭᠰᠠᠨ ᠰᠠᠬᠢᠯᠭ᠎ᠠ ᠪᠠᠲᠤ ᠵᠥᠷᠢᠴᠡᠭᠰᠡᠨ ᠦᠯᠢᠭᠡᠷ ᠵᠢᠱᠢᠶ᠎ᠡ ᠶᠢ ᠶᠠᠷᠢᠵᠤ᠂ ᠬᠤᠷᠠᠯ ᠳᠤ ᠣᠷᠣᠯᠴᠠᠭᠰᠠᠨ ᠨᠠᠮ ᠤᠨ ᠭᠡᠰᠢᠬᠦᠳ ᠲᠤ ᠨᠠᠮ ᠤᠨ ᠰᠠᠬᠢᠯᠭ᠎ᠠ ᠪᠠᠲᠤ ᠶᠢ ᠤᠯᠠᠮ ᠬᠦᠨᠵᠡᠬᠡᠢ ᠤᠶᠢᠯᠠᠭᠠᠭᠤᠯᠤᠭᠰᠠᠨ ᠪᠠᠶᠢᠨ᠎ᠠ᠃  ᠡᠨᠡ ᠤᠳᠠᠭᠠᠨ ᠤ ᠪᠣᠯᠪᠠᠰᠤᠷᠠᠯ ᠢ ᠬᠡᠷ ᠲᠤᠨᠢ ᠬᠦᠷᠭᠡᠬᠦ ᠠᠵᠢᠯᠯᠠᠭ᠎ᠠ ᠪᠠᠷ ᠲᠠᠮᠵᠢᠭᠠᠳ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠴᠢᠩᠭᠠᠳᠬᠠᠨ᠂ ᠨᠠᠮ ᠤᠨ ᠭᠡᠰᠢᠭᠦᠳ ᠤᠨ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠢ ᠦᠨᠡᠨᠬᠦ ᠴᠢᠩᠭᠠᠷᠠᠭᠤᠯᠵᠠᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号