ᠶᠦᠩ ᠹᠧᠩ ᠪᠠᠯᠭᠠᠰᠤ᠄  ᠬᠤᠰᠢᠭᠤᠨ ᠤ ᠤᠳᠤᠷᠢᠳᠤᠯᠭ᠎ᠠ ᠠᠬᠠᠮᠠᠳ ᠨᠠᠮ ᠤᠨ ᠬᠡᠰᠢᠬᠦᠨ ᠢ ᠲᠤᠬᠤᠨᠢᠭᠤᠯᠤᠭᠰᠠᠨ
ᠨᠡᠶᠢᠲᠡᠯᠡᠭᠰᠡᠨ ᠴᠠᠭ᠄
2024/7/1
 6 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠨᠦᠬᠦᠷ ᠶᠦᠩ ᠹᠧᠩ ᠪᠠᠯᠭᠠᠰᠤᠨ ᠤ ᠴᠢᠶᠠᠨ ᠹᠠᠩ ᠽᠢ ᠲᠣᠰᠬᠤᠨ ᠳᠤ   ᠬᠦᠨᠵᠡᠬᠡᠶᠢᠷᠡᠨ᠂ ᠠᠮᠢᠳᠤᠷᠠᠯ ᠨᠢ ᠬᠦᠴᠢᠷᠳᠡᠯᠲᠡᠶ ᠨᠠᠮ ᠤᠨ ᠭᠡᠰᠢᠭᠦᠨ ᠯᠢᠦ ᠷᠦᠢ ᠶᠢᠨ ᠭᠡᠷ ᠲᠤ ᠬᠦᠷᠴᠦ᠂ ᠪᠡᠶ᠎ᠡ ᠮᠠᠬᠠᠪᠣᠳ ᠪᠣᠯᠤᠨ ᠠᠮᠢᠳᠤᠷᠠᠯ ᠤᠨ ᠪᠠᠶᠢᠳᠠᠯ ᠢ ᠨᠢ ᠤᠶᠢᠯᠠᠭᠠᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠲᠤᠬᠠᠢ ᠰᠠᠨᠠᠯ ᠢᠶᠠᠨ ᠰᠣᠯᠢᠯᠴᠠᠵᠤ᠂ ᠠᠬᠠᠮᠠᠳ ᠨᠠᠮ ᠤᠨ ᠭᠡᠰᠢᠭᠦᠨ ᠳᠤ ᠬᠠᠯᠠᠭᠤᠨ ᠲᠤᠳᠤᠨᠤ ᠮᠡᠨᠳᠦᠴᠢᠯᠡᠯ ᠵᠦᠩᠨᠡᠯ ᠲᠡᠪᠰᠢᠬᠦᠯᠦᠨ᠂ ᠠᠬᠠᠮᠠᠳ ᠨᠠᠮ ᠤᠨ ᠭᠡᠰᠢᠭᠦᠨ ᠤ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠬᠥᠳᠡᠭᠡ ᠲᠣᠰᠬᠤᠨ ᠤ ᠬᠥᠭᠵᠢᠯᠲᠡ ᠳᠤ ᠦᠷᠬᠦᠯᠵᠢᠯᠡᠨ ᠬᠤᠪᠢ ᠨᠡᠮᠡᠷᠢ ᠪᠠᠨ ᠦᠵᠡᠭᠦᠯᠬᠦ ᠳᠤ ᠬᠦᠰᠡᠯ ᠨᠠᠶᠢᠳᠠᠯᠭ᠎ᠠ ᠪᠠᠨ ᠲᠠᠯᠪᠢᠭᠰᠠᠨ ᠤ ᠬᠠᠮᠳᠤ᠂  ᠠᠮᠢᠳᠤᠷᠠᠯ ᠬᠦᠴᠢᠷᠳᠡᠯᠲᠡᠢ ᠨᠠᠮ ᠤᠨ ᠭᠡᠰᠢᠭᠦᠨ ᠢ ᠢᠯᠡᠭᠦᠬᠡᠨ ᠬᠠᠯᠠᠮᠵᠢᠯᠠᠵᠤ᠂ ᠲᠡᠳᠡᠨ ᠢ ᠬᠠᠪᠰᠤᠷᠤᠨ ᠡᠳᠦᠷ ᠲᠤᠳᠤᠮ ᠤᠨ ᠳᠤᠮᠳᠠᠬᠢ ᠪᠣᠳᠠᠲᠠᠢ ᠬᠦᠴᠢᠷᠳᠡᠯ ᠢ ᠨᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠬᠠᠮᠳᠤ ᠶᠠᠪᠤᠭ᠎ᠠ ᠪᠠᠯᠭᠠᠰᠤ ᠲᠣᠰᠬᠤᠨ ᠤ ᠺᠠᠳ᠋ᠷᠴᠤᠳ ᠲᠤ ᠵᠠᠬᠢᠵᠠᠢ᠃ 6 ᠰᠠᠷ᠎ᠠ ᠶᠢᠨ 28 ᠤ ᠡᠳᠦᠷ  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠰᠦᠨ ᠶᠠᠨ ᠨᠦᠬᠦᠷ ᠰᠢᠶᠠ ᠫᠢ ᠹᠠᠩ ᠲᠣᠰᠬᠤᠨ ᠳᠤ ᠬᠦᠨᠵᠡᠬᠡᠶᠢᠷᠡᠵᠦ᠂ ᠬᠦᠴᠢᠷᠳᠡᠯᠲᠡᠶ ᠨᠠᠮ ᠤᠨ ᠭᠡᠰᠢᠭᠦᠳ ᠲᠤ ᠨᠠᠮ ᠤᠨ ᠬᠠᠶᠢᠷ᠎ᠠ ᠬᠠᠯᠠᠮᠵᠢ ᠪᠠ ᠪᠠᠶᠠᠷ ᠤᠨ ᠡᠳᠦᠷ ᠤᠨ ᠮᠡᠨᠳᠦᠴᠢᠯᠡᠯ ᠵᠥᠩᠨᠡᠯ ᠢ ᠳᠡᠪᠰᠢᠭᠦᠯᠪᠡ᠃ ᠰᠦᠨ ᠶᠠᠨ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠰᠢᠤᠢ ᠵᠠᠨ ᠮᠧᠢ ᠶᠢᠨ ᠭᠡᠷ ᠲᠤ ᠬᠦᠷᠦᠭᠡᠳ ᠭᠡᠷ ᠪᠦᠯᠢ ᠶᠢᠨ ᠪᠠᠶᠢᠳᠠᠯ᠂ ᠣᠷᠣᠯᠭ᠎ᠠ ᠶᠢᠨ ᠪᠠᠶᠢᠳᠠᠯ ᠪᠣᠯᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠨᠠᠷᠢᠨ ᠤᠢᠢᠯᠠᠭᠠᠭᠰᠠᠨ ᠪᠥᠭᠡᠳ ᠲᠡᠭᠦᠨ ᠢ ᠢᠲᠡᠭᠡᠯ ᠵᠣᠷᠢᠭ ᠢᠶᠠᠨ ᠬᠥᠪᠴᠢᠯᠡᠵᠦ᠂ ᠨᠠᠮ ᠵᠠᠰᠠᠭ ᠢᠶᠠᠨ ᠢᠳᠡᠭᠡᠵᠦ ᠬᠠᠮᠲᠤ ᠪᠠᠷ ᠴᠢᠷᠮᠠᠶᠢᠵᠤ ᠪᠠᠶᠢᠭᠠᠳ᠂ ᠨᠡᠩ ᠰᠠᠶᠢᠨ ᠰᠠᠶᠢᠬᠠᠨ ᠠᠮᠢᠳᠤᠷᠠᠬᠤ ᠶᠢ ᠨᠢ ᠵᠣᠷᠢᠭᠵᠢᠭᠤᠯᠪᠠ᠃ ᠡᠭᠦᠨ ᠤ ᠬᠠᠮᠲᠤ᠂ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷᠴᠤᠳ ᠡᠷᠭᠡᠪᠰᠢ ᠦᠨᠳᠦᠰᠦᠨ ᠱᠠᠲᠤᠨ ᠤ ᠠᠬᠠᠮᠠᠳ ᠨᠠᠮ ᠤᠨ ᠭᠡᠰᠢᠭᠦᠨ ᠢᠯᠠᠩᠭᠤᠶ᠎ᠠ ᠬᠦᠴᠢᠷᠳᠡᠯᠲᠡᠢ ᠨᠠᠮ ᠤᠨ ᠭᠡᠰᠢᠭᠦᠨ ᠢ ᠦᠷᠭᠦᠯᠵᠢᠯᠡᠨ ᠬᠠᠯᠠᠮᠵᠢᠯᠠᠵᠤ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠲᠡᠳᠡᠨ ᠤ ᠬᠦᠴᠢᠷ ᠵᠣᠪᠠᠭᠤᠷᠢ ᠶᠢ ᠰᠡᠳᠬᠢᠯ ᠲᠠᠯᠪᠢᠨ ᠰᠢᠢᠳᠪᠦᠷᠢᠯᠡᠵᠦ᠂ ᠲᠡᠳᠡᠨ ᠤ ᠬᠠᠷᠢᠶᠠᠯᠠᠭᠳᠠᠬᠤ ᠰᠡᠳᠬᠢᠯᠭᠡ ᠪᠣᠯᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠷᠭᠦᠯᠵᠢᠯᠡᠨ ᠨᠡᠮᠡᠭᠳᠡᠬᠦᠯᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号