ᠴᠢᠶᠠᠨ ᠶᠢᠨ ᠭᠸᠦ ᠪᠠᠯᠭᠠᠰᠤ᠄  ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠬᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/7/1
 6 ᠰᠠᠷ᠎ᠠ ᠶᠢᠨ 28 ᠤ ᠡᠳᠦᠷ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠴᠠᠩ ᠴᠢᠩ ᠵᠡᠷᠭᠡ ᠬᠦᠮᠦᠰ ᠴᠢᠶᠠᠨ ᠶᠢᠨ ᠭᠸᠦ ᠪᠠᠯᠭᠠᠰᠤᠨ ᠤ ᠰᠢ ᠱᠠᠨ ᠫᠦᠸᠧ ᠲᠣᠰᠬᠤᠨ ᠳᠤ ᠬᠦᠨᠵᠡᠬᠡᠶᠢᠷᠡᠵᠦ ︽ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠳ᠋ᠢᠩ ᡁᠢ ᠴᠢᠶᠠᠩ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠦ ᠭᠦᠸᠧ ᠳ᠋ᠦᠩ ᠪᠠᠷ᠎ᠠ ᠪᠤᠯᠵᠤ᠂ ᠠᠶᠢᠮᠠᠭ ᠤᠨ ᠲᠤᠲᠤᠭᠠᠲᠦ ᠶᠢ ᠬᠠᠮᠠᠭᠠᠯᠠᠬᠤ ᠲᠤᠪᠴᠢᠶᠠᠨ ᠤ ᠡᠯ᠎ᠡ ᠰᠠᠯᠪᠤᠷᠢ ᠠᠩᠭᠢ ᠶᠢᠨ ᠨᠠᠮ ᠤᠨ ᠡᠭᠦᠷ ᠤᠨ ᠱᠦᠵᠢ ᠨᠠᠷ ᠠᠵᠢᠯᠯᠠᠭ᠎ᠠ ᠳᠤ ᠤᠷᠤᠯᠴᠠᠵᠠᠢ᠃ ᠶᠠᠷᠢᠯᠴᠠᠬᠤ ᠬᠤᠷᠠᠯ ᠳᠡᠭᠡᠷ᠎ᠡ ᠤᠯᠠᠨ ᠢᠶᠠᠷ ᠰᠢ ᠱᠠᠨ ᠫᠦᠸᠧ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠪᠠᠶᠢᠨ᠎ᠠ᠃ ᠴᠠᠩ ᠴᠢᠩ ᠠᠴᠠ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠲᠠᠶᠢᠴᠢᠯᠠᠵᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠤᠶᠢᠯᠠᠭᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠨ᠎ᠡ ᠪᠠᠶᠢᠳᠠᠯ ᠳᠣᠣᠷᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠰᠡᠳᠬᠢᠴᠡ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ ᠬᠡᠵᠦ ᠴᠢᠬᠤᠯᠠᠴᠢᠯᠠᠪᠠ᠃ ᠴᠠᠩ ᠴᠢᠩ ᠵᠡᠷᠭᠡ ᠬᠦᠮᠦᠰ ᠪᠠᠰᠠ ᠬᠦᠴᠢᠷᠳᠡᠯᠲᠡᠶ ᠣᠯᠠᠨ ᠲᠦᠮᠡᠨ ᠤ ᠭᠡᠷ ᠲᠤ ᠭᠦᠨᠵᠡᠭᠡᠶᠢᠷᠡᠨ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠪᠣᠳᠠᠲᠠᠶ ᠬᠦᠴᠢᠷᠳᠡᠯ ᠪᠠ  ᠱᠠᠭᠠᠷᠳᠠᠯᠭ᠎ᠠ ᠬᠡᠷᠡᠭᠴᠡᠭᠡ ᠶᠢ ᠨᠢ ᠣᠶᠢᠯᠠᠭᠠᠵᠤ᠂ ᠲᠤᠬᠤᠨᠢᠭᠤᠯᠭ᠎ᠠ ᠶᠢᠨ ᠡᠳ᠋ ᠪᠣᠳᠠᠰ ᠢ ᠭᠠᠷᠳᠠᠭᠤᠯᠤᠨ᠂  ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠤᠨ ᠤᠳᠤᠷᠢᠳᠤᠯᠭ᠎ᠠ ᠳᠣᠤᠷ᠎ᠠ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠪᠠᠶᠠᠨ ᠴᠢᠨᠡᠭᠡᠯᠢᠭ ᠰᠠᠶᠢᠨ ᠰᠠᠶᠢᠬᠠᠨ ᠰᠢᠨ᠎ᠡ ᠠᠮᠢᠳᠤᠷᠠᠯ ᠢ ᠬᠠᠮᠲᠤ ᠪᠠᠷ ᠴᠤᠭᠴᠠᠯᠠᠳᠤᠭᠠᠢ ᠬᠡᠵᠦ ᠵᠤᠷᠢᠬᠵᠢᠭᠤᠯᠤᠭᠰᠠᠨ ᠪᠠᠶᠢᠨ᠎ᠠ᠃ ᠳᠠᠷᠠᠭ᠎ᠠ ᠳᠤᠨᠢ᠂  ᠤᠯᠠᠨ ᠢᠶᠠᠷ ᠢᠶᠠᠨ ᠪᠠᠰᠠ ᠰᠢ ᠱᠠᠨ ᠫᠦᠸᠧ ᠲᠣᠰᠬᠤᠨ ᠤ ᠨᠠᠮ  ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠪᠣᠯᠤᠨ ᠢᠳᠡᠰᠢᠨ ᠨᠤᠭᠤᠭᠠᠨ ᠤ ᠠᠷᠠᠯᠵᠢᠶᠠᠨ ᠤ ᠵᠠᠬ᠎ᠠ ᠶᠢ ᠲᠣᠭᠤᠷᠢᠨ ᠦᠵᠡᠵᠦ᠂ ᠬᠥᠭᠵᠢᠯᠲᠡ ᠶᠢᠨ ᠬᠠᠷᠰᠢ ᠰᠠᠭᠠᠳ ᠪᠣᠯᠤᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ  ᠰᠤᠳᠤᠯᠤᠭᠠᠳ ᠳᠠᠷᠠᠭᠠᠴᠢ ᠶᠢᠨ ᠠᠯᠬᠤᠮ ᠤᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠳᠤ ᠲᠤᠷᠰᠢᠯᠭ᠎ᠠ ᠬᠤᠷᠠᠮᠳᠤᠭᠤᠯᠵᠠᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号