7 ᠰᠠᠷ᠎ᠠ ᠶᠢᠨ 4 ᠤ ᠡᠳᠦᠷ᠂ ᠲᠠᠶᠢᠹᠤᠰᠧ ᠬᠤᠰᠢᠭᠤᠨ ᠤ ᠬᠢᠨ ᠪᠥᠬᠦ ᠬᠤᠰᠢᠭᠤᠨ ᠤ ᠰᠢᠨ᠎ᠡ ᠪᠠᠷ ᠲᠤᠰᠢᠶᠠᠯ ᠳᠤ | ᠭᠠᠷᠤᠭᠰᠠᠨ ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠤᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ | ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ 85 ᠨᠡᠷ᠎ᠡ ᠰᠢᠨ᠎ᠡ ᠪᠠᠷ ᠲᠤᠰᠢᠶᠠᠯ | ᠳᠤ ᠭᠠᠷᠤᠭᠰᠠᠨ ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠵᠢᠴᠢ 28 ᠨᠡᠷ᠎ᠡ ᠰᠢᠭᠦᠬᠦ ᠬᠤᠷᠢᠶᠠᠨ ᠤ | ᠨᠠᠮ ᠤᠨ ᠭᠡᠰᠢᠭᠦᠨ ᠺᠠᠳ᠋ᠷ ᠴᠠᠭᠳᠠᠭ᠎ᠠ ᠪᠣᠯᠪᠠᠰᠤᠷᠠᠯ ᠳᠤ ᠤᠷᠤᠯᠴᠠᠵᠠᠢ᠃ ᠡᠨᠡ ᠤᠳᠠᠭᠠᠨ ᠤ ᠪᠣᠯᠪᠠᠰᠤᠷᠠᠯ ᠳᠤ ︽ | ᠪᠠᠭ᠎ᠠ᠂ ᠣᠬᠤᠷ᠂ ᠠᠮᠢᠳᠤᠯᠢᠭ︾ ᠠᠷᠭ᠎ᠠ ᠮᠠᠶ᠋ᠢᠭ ᠢ ᠠᠪᠴᠤ᠂ ᠬᠢᠴᠢᠶᠡᠯ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠦᠨ᠂ ᠠᠶᠢᠮᠠᠭ ᠬᠤᠰᠢᠭᠤ ᠬᠤᠶᠠᠷ ᠱᠠᠲᠤᠨ ᠤ ᠪᠠᠭᠰᠢ ᠶᠢ ᠤᠷᠢᠵᠤ᠂ ᠠᠭᠤᠯᠭ᠎ᠠ ᠪᠠᠷ ᠪᠠᠶᠠᠯᠢᠭ | ᠪᠥᠭᠡᠳ ᠬᠠᠨᠳᠤᠯᠭᠠᠲᠤ ᠴᠢᠨᠠᠷ ᠢᠶᠠᠷ ᠴᠢᠩᠭ᠎ᠠ ᠬᠢᠴᠢᠶᠡᠯ ᠪᠣᠯᠪᠠᠰᠤᠷᠠᠯ ᠤᠨ ᠠᠭᠤᠯᠭ᠎ᠠ ᠶᠢ ᠲᠤᠬᠢᠷᠠᠭᠤᠯᠪᠠ᠃ | ᠪᠣᠯᠪᠠᠰᠤᠷᠠᠯ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣ ᠣᠨᠣᠯ︾ ᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠶ ᠡᠮᠬᠢ | ᠵᠢᠷᠤᠮ ᠲᠠᠢ ᠥᠷᠨᠢᠬᠦ ᠶᠢ ᠠᠬᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠲᠡᠨ ᠤ ᠣᠨᠣᠯ ᠲᠥᠷᠥ ᠶᠢᠨ | ᠪᠣᠳᠣᠯᠭ᠎ᠠ ᠶᠢᠨ ᠬᠢᠷᠢ ᠲᠦᠪᠰᠢᠨ ᠪᠠ ᠤᠯᠤᠰ ᠲᠦᠷᠦ ᠶᠢᠨ ᠵᠣᠭᠰᠣᠴᠠ ᠶᠢ ᠨᠢ ᠲᠡᠭᠡᠭᠰᠢᠯᠡᠬᠦᠯᠵᠦ᠂ ᠬᠡᠷᠡᠭ ᠤᠨ | ᠵᠢᠱᠢᠶ᠎ᠡ ᠪᠠᠷ ᠲᠣᠯᠢ ᠪᠤᠯᠭᠠᠨ᠂ ᠰᠡᠷᠡᠮᠵᠢ ᠶᠢᠨ ᠬᠤᠩᠬᠤ ᠶᠢ ᠪᠠᠶᠢᠩᠭᠤ ᠲᠤᠤᠨᠢᠭᠤᠯᠵᠤ᠂ ᠠᠷᠢᠭᠤᠨ ᠴᠢᠬᠡᠴᠢ ᠪᠠᠷ | ᠪᠡᠶ᠎ᠡ ᠪᠠᠨ ᠪᠠᠷᠢᠬᠤ ᠶᠢ ᠪᠠᠳᠤᠯᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠵᠤ | ᠰᠠᠬᠢᠯᠭ᠎ᠠ ᠪᠠᠲᠤ ᠶᠢᠨ ᠬᠥᠪᠴᠢ ᠶᠢ ᠴᠢᠩᠭᠠᠯᠠᠨ᠂ ᠠᠷᠢᠭᠤᠨ ᠴᠢᠬᠡᠴᠢ ᠶᠢᠨ ᠰᠠᠭᠤᠷᠢ ᠶᠢ ᠪᠠᠬᠢᠵᠢᠬᠦᠯᠬᠦ ᠵᠤᠷᠢᠯᠭ᠎ᠠ | ᠳᠠᠭᠠᠨ ᠬᠦᠷᠦᠭᠰᠡᠨ ᠪᠠᠶᠢᠨ᠎ᠠ᠃ |