ᠲᠠᠶᠢᠹᠤᠰᠧ ᠬᠤᠰᠢᠭᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/7/10
 7 ᠰᠠᠷ᠎ᠠ ᠶᠢᠨ 4 ᠤ ᠡᠳᠦᠷ᠂ ᠲᠠᠶᠢᠹᠤᠰᠧ ᠬᠤᠰᠢᠭᠤᠨ ᠤ ᠬᠢᠨ ᠪᠥᠬᠦ ᠬᠤᠰᠢᠭᠤᠨ ᠤ ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ 85 ᠨᠡᠷ᠎ᠡ ᠰᠢᠨ᠎ᠡ ᠪᠠᠷ ᠲᠤᠰᠢᠶᠠᠯ  ᠳᠤ ᠭᠠᠷᠤᠭᠰᠠᠨ ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ  ᠵᠢᠴᠢ 28 ᠨᠡᠷ᠎ᠡ ᠰᠢᠭᠦᠬᠦ ᠬᠤᠷᠢᠶᠠᠨ ᠤ ᠨᠠᠮ ᠤᠨ ᠭᠡᠰᠢᠭᠦᠨ ᠺᠠᠳ᠋ᠷ ᠴᠠᠭᠳᠠᠭ᠎ᠠ ᠪᠣᠯᠪᠠᠰᠤᠷᠠᠯ ᠳᠤ ᠤᠷᠤᠯᠴᠠᠵᠠᠢ᠃  ᠡᠨᠡ ᠤᠳᠠᠭᠠᠨ ᠤ ᠪᠣᠯᠪᠠᠰᠤᠷᠠᠯ ᠳᠤ ︽ᠪᠠᠭ᠎ᠠ᠂ ᠣᠬᠤᠷ᠂ ᠠᠮᠢᠳᠤᠯᠢᠭ︾  ᠠᠷᠭ᠎ᠠ ᠮᠠᠶ᠋ᠢᠭ ᠢ ᠠᠪᠴᠤ᠂ ᠬᠢᠴᠢᠶᠡᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠠᠶᠢᠮᠠᠭ ᠬᠤᠰᠢᠭᠤ ᠬᠤᠶᠠᠷ ᠱᠠᠲᠤᠨ ᠤ ᠪᠠᠭᠰᠢ ᠶᠢ ᠤᠷᠢᠵᠤ᠂ ᠠᠭᠤᠯᠭ᠎ᠠ ᠪᠠᠷ ᠪᠠᠶᠠᠯᠢᠭ ᠪᠥᠭᠡᠳ ᠬᠠᠨᠳᠤᠯᠭᠠᠲᠤ ᠴᠢᠨᠠᠷ ᠢᠶᠠᠷ ᠴᠢᠩᠭ᠎ᠠ ᠬᠢᠴᠢᠶᠡᠯ ᠪᠣᠯᠪᠠᠰᠤᠷᠠᠯ ᠤᠨ ᠠᠭᠤᠯᠭ᠎ᠠ ᠶᠢ ᠲᠤᠬᠢᠷᠠᠭᠤᠯᠪᠠ᠃  ᠪᠣᠯᠪᠠᠰᠤᠷᠠᠯ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣ ᠣᠨᠣᠯ︾ ᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠬᠦ ᠶᠢ ᠠᠬᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠪᠠ ᠤᠯᠤᠰ ᠲᠦᠷᠦ ᠶᠢᠨ ᠵᠣᠭᠰᠣᠴᠠ ᠶᠢ ᠨᠢ ᠲᠡᠭᠡᠭᠰᠢᠯᠡᠬᠦᠯᠵᠦ᠂ ᠬᠡᠷᠡᠭ ᠤᠨ ᠵᠢᠱᠢᠶ᠎ᠡ ᠪᠠᠷ ᠲᠣᠯᠢ ᠪᠤᠯᠭᠠᠨ᠂ ᠰᠡᠷᠡᠮᠵᠢ ᠶᠢᠨ ᠬᠤᠩᠬᠤ ᠶᠢ ᠪᠠᠶᠢᠩᠭᠤ  ᠲᠤᠤᠨᠢᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ  ᠪᠠᠳᠤᠯᠠᠨ᠂  ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠵᠤ  ᠰᠠᠬᠢᠯᠭ᠎ᠠ ᠪᠠᠲᠤ ᠶᠢᠨ ᠬᠥᠪᠴᠢ ᠶᠢ ᠴᠢᠩᠭᠠᠯᠠᠨ᠂ ᠠᠷᠢᠭᠤᠨ ᠴᠢᠬᠡᠴᠢ ᠶᠢᠨ ᠰᠠᠭᠤᠷᠢ ᠶᠢ   ᠪᠠᠬᠢᠵᠢᠬᠦᠯᠬᠦ ᠵᠤᠷᠢᠯᠭ᠎ᠠ  ᠳᠠᠭᠠᠨ ᠬᠦᠷᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号