ᠲᠠᠶᠢᠹᠤᠰᠧ ᠬᠤᠰᠢᠭᠤ ᠨᠡᠶᠢᠲᠡᠯᠢᠭ ᠬᠡᠯᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/7/10
  ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠥᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠭᠡᠷᠡᠭᠯᠡᠯᠳᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 4 ᠤ ᠡᠳᠦᠷ ᠲᠠᠶᠢᠹᠤᠰᠧ ᠬᠤᠰᠢᠭᠤᠨ ᠤ ᠬᠢᠨ ᠠᠯᠪᠠᠨ ᠲᠤᠰᠢᠶᠠᠯᠲᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠠ᠃  ᠡᠨᠡ ᠤᠳᠠᠭᠠᠨ ᠤ ᠪᠣᠯᠪᠠᠰᠤᠷᠠᠯ ᠳᠤ ᠲᠠᠶᠢᠹᠤᠰᠧ ᠬᠤᠰᠢᠭᠤᠨ ᠤ ᠲᠦᠷᠪᠡᠳᠦᠭᠡᠷ ᠲᠤᠮᠳᠠᠳᠤ ᠰᠤᠷᠭᠠᠭᠤᠯᠢ ᠶᠢᠨ ᠪᠠᠭᠰᠢ ᠬᠤᠸᠠᠩ ᠸᠧᠢ ᠭᠠᠩ ᠠᠴᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ᠂ ᠠᠪᠢᠶᠠᠨ ᠤ ᠦᠨᠳᠦᠰᠦᠨ ᠮᠡᠳᠡᠯᠭᠡ᠂ ᠤᠩᠰᠢᠯᠭ᠎ᠠ ᠪᠠ ᠶᠠᠷᠢᠶ᠎ᠠ ᠢᠯᠡᠳᠬᠡᠯ ᠤᠨ ᠦᠨᠳᠦᠰᠦᠨ ᠱᠠᠭᠠᠷᠳᠠᠯᠭ᠎ᠠ ᠵᠢᠴᠢ ᠠᠩᠬᠠᠷᠬᠤ ᠵᠦᠢᠯᠡᠰ ᠤᠨ ᠲᠣᠭᠤᠷᠢᠨ ᠳᠤ ᠭᠦᠨᠵᠡᠭᠡᠢ ᠲᠠᠶᠢᠯᠤᠮᠵᠢ ᠬᠢᠵᠡᠢ᠃ ᠡᠭᠦᠨ ᠠᠴᠠ ᠭᠠᠳᠠᠨ᠎ᠠ᠂ ᠨᠡᠶᠢᠲᠡᠯᠢᠭ ᠬᠡᠯᠡᠨ ᠤ ᠰᠢᠯᠭᠠᠯᠲᠠ ᠶᠢᠨ ᠶᠠᠪᠤᠴᠠ ᠪᠠ ᠰᠢᠯᠭᠠᠯᠲᠠ ᠳᠤ ᠣᠷᠣᠯᠴᠠᠬᠤ ᠤᠷ᠎ᠠ ᠮᠡᠷᠭᠡᠵᠢᠯ ᠢ ᠲᠠᠨᠢᠯᠴᠠᠭᠤᠯᠤᠭᠠᠳ᠂ ᠬᠡᠷᠡᠭᠯᠡᠭᠡᠨ ᠤ ᠴᠢᠨᠠᠷ ᠢᠶᠠᠷ ᠮᠠᠰᠢ ᠴᠢᠩᠭ᠎ᠠ ᠬᠢᠴᠢᠶᠡᠯ ᠪᠣᠯᠪᠠᠰᠤᠷᠠᠯ ᠪᠤᠯᠤᠭᠰᠠᠨ ᠪᠠᠶᠢᠨ᠎ᠠ᠃ ᠣᠶᠢᠯᠠᠭᠠᠭᠰᠠᠨ ᠢᠶᠠᠷ᠂ 2024 ᠣᠨ ᠤ ᠪᠥᠬᠦ ᠬᠤᠰᠢᠭᠤᠨ ᠤ ᠺᠠᠳ᠋ᠷ ᠠᠵᠢᠯᠲᠠᠨ ᠤ ᠨᠡᠶᠢᠲᠡᠯᠢᠭ ᠬᠡᠯᠡᠨ ᠤ ᠬᠢᠷᠢ ᠲᠦᠪᠰᠢᠨ ᠢ ᠲᠡᠭᠡᠭᠰᠢᠯᠡᠬᠦᠯᠬᠦ ᠰᠢᠯᠭᠠᠯᠲᠠ 7 ᠰᠠᠷ᠎ᠠ ᠶᠢᠨ 5 ᠤ ᠡᠳᠦᠷ ᠠᠴᠠ 7 ᠰᠠᠷ᠎ᠠ ᠶᠢᠨ 20 ᠤ ᠡᠳᠦᠷ ᠪᠣᠯᠲᠠᠯ᠎ᠠ ᠶᠠᠪᠤᠭᠳᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号