ᠪᠣᠤᠴᠠᠩ ᠪᠠᠯᠭᠠᠰᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠠᠵᠢᠯ ᠤᠨ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/7/10
  ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠷᠢᠮᠵᠢᠬᠦᠯᠦᠨ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠢᠨᠠᠯᠲᠠ ᠬᠠᠮᠢᠶᠠᠷᠤᠯᠲᠠ ᠪᠠ ᠭᠠᠵᠠᠷ ᠰᠢᠷᠣᠶ ᠶᠢᠨ ᠡᠵᠡᠩᠨᠡᠯᠲᠡ ᠶᠢᠨ ᠵᠦᠷᠢᠴᠡᠯ ᠵᠢᠭᠤᠷᠠᠭᠠᠨ ᠢ ᠡᠶᠡᠳᠡᠭᠦᠯᠬᠦ ᠬᠥᠨᠳᠡᠯᠡᠨ ᠠᠴᠠ ᠲᠠᠰᠤᠯᠬᠤ ᠡᠩᠨᠡᠭᠡᠨ ᠤ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠪᠠ ᠲᠤᠬᠠᠶᠢᠯᠠᠭᠰᠠᠨ ᠠᠵᠢᠯ ᠤᠨ ᠬᠢᠷᠢ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 8 ᠤ ᠡᠳᠦᠷ ᠪᠣᠤᠴᠠᠩ ᠪᠠᠯᠭᠠᠰᠤᠨ ᠤ ᠬᠢᠨ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠪᠠ ᠵᠦᠷᠢᠴᠡᠯ ᠵᠢᠭᠤᠷᠠᠭᠠᠨ ᠢ ᠡᠶᠡᠳᠡᠭᠦᠯᠬᠦ ᠬᠥᠨᠳᠡᠯᠡᠨ ᠠᠴᠠ ᠲᠠᠰᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠭᠢᠯᠡᠵᠦ᠂ ᠪᠠᠯᠭᠠᠰᠤᠨ ᠤ ᠬᠠᠮᠢᠶ᠎ᠠ ᠪᠦᠬᠦᠢ ᠠᠵᠢᠯᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠠᠷᠠᠳ ᠤᠨ ᠵᠥᠪᠯᠡᠯ ᠤᠨ ᠡᠷᠬᠢᠯᠡᠭᠴᠢ ᠪᠠ ᠲᠠᠩᠰᠠ ᠮᠡᠳᠡᠭᠦᠯᠦᠭᠴᠢ ᠪᠤᠯᠪᠠᠰᠤᠷᠠᠯ ᠳᠤ ᠤᠷᠤᠯᠴᠠᠵᠠᠢ᠃ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ  ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠵᠢᠶᠠᠨ ᠴᠢᠩ ᠠᠴᠠ  ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠬᠠᠮᠢᠶᠠᠷᠤᠯᠲᠠ ᠶᠢ ᠴᠢᠩᠭᠠᠳᠬᠠᠬᠤ᠂ ᠬᠥᠳᠡᠭᠡ ᠲᠣᠰᠬᠤᠨ ᠤ ᠬᠠᠮᠲᠤ ᠶᠢᠨ ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠠᠵᠢᠯ ᠤᠨ ᠭᠤᠤᠯᠳᠠᠯᠭ᠎ᠠ ᠶᠢ ᠲᠤᠳᠤᠷᠬᠠᠶᠢᠯᠠᠭᠰᠠᠨ  ᠤ ᠬᠠᠮᠲᠤ ᠪᠣᠳᠠᠲᠠᠶ ᠱᠠᠭᠠᠷᠳᠠᠯᠭ᠎ᠠ  ᠲᠤᠷᠠᠳᠴᠤ᠂ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠠᠵᠢᠯᠲᠠᠨ ᠮᠠ ᠽᠧ ᠶᠤᠸᠠᠨ ᠠᠴᠠ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ᠂ ᠪᠥᠬᠦ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠭᠢᠯᠲᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠳᠠ ᠵᠢᠴᠢ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠵᠦᠷᠢᠴᠡᠯ ᠵᠢᠭᠤᠷᠠᠭᠠᠨ ᠢ ᠬᠥᠨᠳᠡᠯᠡᠨ ᠠᠴᠠ ᠲᠠᠰᠤᠯᠬᠤ ᠵᠡᠷᠭᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠮᠡᠳᠡᠯᠭᠡ ᠶᠢ ᠨᠠᠷᠢᠨ ᠲᠠᠶᠢᠯᠪᠤᠷᠢᠯᠠᠪᠠ  ᠬᠤᠷᠠᠯ ᠠᠴᠠ᠂ ᠡᠯ᠎ᠡ ᠲᠣᠰᠬᠤᠨ ᠨᠢ ᠭᠠᠵᠠᠷ ᠰᠢᠷᠣᠶ ᠶᠢᠨ ᠡᠷᠭᠢᠯᠲᠡ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠲᠦᠷᠢᠮᠵᠢᠬᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠮᠲᠤ ᠶᠢᠨ ᠭᠠᠵᠠᠷ ᠰᠢᠷᠣᠶ ᠶᠢᠨ ᠡᠷᠭᠢᠯᠲᠡ ᠶᠢᠨ ᠪᠣᠭᠤᠮᠲᠠ ᠶᠢ ᠰᠠᠶᠢᠲᠤᠷ ᠰᠠᠬᠢᠵᠤ᠂ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠢ ᠰᠠᠶᠢᠲᠤᠷ ᠬᠠᠮᠢᠶᠠᠷᠬᠤ ᠬᠡᠷᠡᠭᠲᠡᠶ᠃ ᠬᠠᠮᠢᠶ᠎ᠠ ᠪᠦᠬᠦᠢ ᠬᠥᠮᠦᠰ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠲᠦᠷᠢᠮ ᠤᠨ ᠰᠤᠷᠤᠯᠴᠠᠯᠭ᠎ᠠ ᠶᠢ ᠤᠯᠠᠮ ᠴᠢᠩᠭᠠᠳᠬᠠᠨ᠂  ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨᠬᠦ ᠨᠡᠮᠡᠭᠳᠡᠭᠦᠯᠵᠦ᠂ ᠰᠠᠬᠢᠯᠭ᠎ᠠ ᠪᠠᠲᠤ ᠶᠢᠨ ᠦᠵᠡᠯ ᠤᠬᠠᠮᠰᠠᠷ ᠪᠣᠯᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠶ᠃ ᠭᠠᠵᠠᠷ ᠰᠢᠷᠣᠶ   ᠶᠢᠨ ᠡᠷᠬᠢᠯᠳᠡ ᠶᠢᠨ ᠠᠯᠬᠤᠮ ᠶᠠᠪᠤᠴᠠ ᠶᠢ ᠴᠢᠩᠭ᠎ᠠ  ᠲᠦᠷᠢᠮᠵᠢᠬᠦᠯᠵᠦ᠂  ᠲᠤᠬᠠᠢ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃  ᠡᠨᠡ ᠤᠳᠠᠭᠠᠨ ᠤ ᠪᠣᠯᠪᠠᠰᠤᠷᠠᠯ ᠨᠢ ᠠᠭᠤᠯᠭ᠎ᠠ ᠪᠠᠷ ᠪᠠᠶᠠᠯᠢᠭ᠂  ᠬᠠᠨᠳᠤᠯᠭᠠᠲᠤ ᠴᠢᠨᠠᠷ ᠢᠶᠠᠷ ᠮᠠᠰᠢ ᠴᠢᠩᠭ᠎ᠠ ᠪᠤᠯᠪᠠᠰᠤᠷᠠᠯ ᠪᠤᠯᠵᠤ᠂  ᠺᠠᠳ᠋ᠷ ᠠᠵᠢᠯᠳᠠᠳ ᠤᠨ ᠦᠵᠡᠯ ᠰᠠᠨᠠᠭ᠎ᠠ ᠲᠠᠨᠢᠯᠲᠠ ᠶᠢ ᠨᠡᠮᠡᠭᠳᠡᠬᠦᠯᠦᠨ᠂ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠳᠠᠷᠠᠭᠠᠴᠢ ᠶᠢᠨ ᠠᠵᠢᠯ ᠢᠶᠠᠨ ᠰᠠᠶᠢᠨ ᠬᠢᠬᠦ ᠢᠲᠡᠭᠡᠯ ᠵᠣᠷᠢᠭ ᠢ ᠨᠢ ᠨᠡᠮᠡᠭᠳᠡᠬᠦᠯᠵᠡᠢ᠃ ᠤᠯᠠᠨ ᠢᠶᠠᠷ ᠢᠶᠠᠨ᠂ ᠡᠨᠡ ᠤᠳᠠᠭᠠᠨ ᠤ ᠢᠶᠠᠷ ᠠᠵᠠ ᠲᠣᠬᠢᠶᠠᠯ ᠪᠣᠯᠭᠠᠵᠤ᠂ ᠰᠤᠷᠤᠯᠴᠠᠬᠤ ᠬᠡᠷᠡᠭᠯᠡᠬᠦ ᠶᠢ ᠤᠶᠠᠯᠳᠤᠭᠤᠯᠤᠨ᠂ ᠰᠤᠷᠤᠯᠴᠠᠬᠤ ᠪᠠᠷ ᠠᠵᠢᠯᠯᠠᠬᠤ ᠪᠠᠨ ᠠᠬᠢᠭᠤᠯᠵᠦ᠂ ᠲᠣᠰᠬᠤᠨ ᠱᠠᠲᠤᠨ ᠤ ᠬᠠᠮᠲᠤ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号