ᠭᠦᠨᠪᠤᠯᠠᠭ ᠰᠤᠮᠤᠨ ᠤ ᠬᠢᠨ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠡᠷᠴᠢᠮᠳᠡᠢ ᠶᠠᠪᠤᠭᠳᠠᠭᠤᠯᠤᠨ᠎ᠠ
ᠨᠡᠶᠢᠲᠡᠯᠡᠭᠰᠡᠨ ᠴᠠᠭ᠄
2024/7/11
 7 ᠰᠠᠷ᠎ᠠ ᠶᠢᠨ 6 ᠤ ᠡᠳᠦᠷ᠂ ᠭᠦᠨᠪᠤᠯᠠᠭ ᠰᠤᠮᠤ ᠨᠢ 2024 ᠣᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠶ ᠠᠵᠢᠯ ᠤᠨ ᠬᠤᠷᠠᠯ ᠢ ᠬᠤᠷᠠᠯᠳᠤᠭᠤᠯᠵᠤ ︽ᠲᠠᠶᠢᠹᠤᠰᠧ ᠬᠤᠰᠢᠭᠤᠨ ᠤ  2024 ᠣᠨ ᠤ ︿ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ﹀ ᠠᠵᠢᠯᠯᠠᠭᠠᠨ ᠤ ᠲᠦᠰᠦᠪ︾᠂ ︽ᠲᠠᠶᠢᠹᠤᠰᠧ ᠬᠤᠰᠢᠭᠤᠨ ᠤ ᠰᠣᠨᠢᠨ ᠮᠡᠳᠡᠭᠡᠨ ᠤ ᠮᠡᠬᠡᠯᠡᠯ ᠪᠠ ᠬᠠᠭᠤᠷᠮᠠᠭ ᠰᠣᠨᠢᠨ ᠮᠡᠳᠡᠭᠡ ᠳᠤ ᠴᠤᠬᠢᠯᠳᠠ ᠦᠭᠬᠦ ᠲᠤᠰᠬᠠᠢ ᠠᠵᠢᠯᠯᠠᠭᠠᠨ ᠤ ᠲᠦᠰᠦᠪ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠠᠶᠢᠨ᠎ᠠ᠃ ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠦᠨ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠮᠲᠤᠷᠠᠯ ᠤᠨ ᠬᠦᠴᠦᠨ ᠢ ᠪᠦᠷᠢᠯᠳᠦᠬᠦᠯᠦᠨ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠰᠢᠨᠡᠴᠢᠯᠡᠵᠦ᠂ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠶᠢ ᠦᠷᠭᠡᠳᠭᠡᠨ᠂ ᠤᠬᠠᠭᠤᠯᠭ᠎ᠠ ᠶᠢᠨ ᠡᠷᠴᠢᠮ ᠢ ᠦᠷᠬᠦᠯᠵᠢᠯᠡᠨ ᠴᠢᠩᠭᠠᠷᠠᠭᠤᠯᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠤᠶᠠᠯᠳᠤᠭᠤᠯᠤᠨ᠂ ᠪᠥᠬᠦ ᠲᠠᠯ᠎ᠠ᠂ ᠣᠯᠠᠨ ᠬᠠᠷᠠᠭᠠᠰᠤ᠂ ᠭᠦᠨ ᠳᠠᠪᠬᠤᠷᠭ᠎ᠠ ᠠᠴᠠ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠡᠯ᠎ᠡ ᠲᠦᠷᠦᠯ ᠤᠨ ᠲᠤᠰᠬᠠᠢ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠰᠣᠨᠢᠨ ᠮᠡᠳᠡᠭᠡᠨ ᠤ ᠬᠠᠤᠯᠢ ᠲᠦᠷᠢᠮ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠦᠬᠦ ᠰᠤᠮᠤᠨ ᠤ ᠤᠯᠤᠰ ᠲᠥᠷᠥ ᠶᠢᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠠ ᠰᠣᠶᠣᠯ ᠤᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 7 ᠰᠠᠷ᠎ᠠ ᠶᠢᠨ 9 ᠤ ᠡᠳᠦᠷ᠂ ᠭᠦᠨᠪᠤᠯᠠᠭ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠪᠠ ᠠᠵᠢᠯᠲᠠᠳ ᠬᠠᠷᠢᠶ᠎ᠠ ᠣᠷᠣᠨ ᠤ ᠪᠠᠨ ᠲᠡᠯᠬᠡᠬᠦᠷ ᠬᠤᠳᠠᠯᠳᠤᠭ᠎ᠠ᠂ ᠬᠤᠭᠤᠯᠠᠨ ᠬᠡᠷ᠂ ᠢᠲᠡᠭᠡᠮᠵᠢ ᠶᠢᠨ ᠬᠤᠷᠰᠢᠶ᠎ᠠ ᠵᠡᠷᠭᠡ ᠬᠥᠮᠦᠨ ᠤᠯᠠᠨᠳᠠᠢ ᠲᠠᠯᠠᠪᠤᠷ ᠲᠤ ᠬᠦᠨᠵᠡᠬᠡᠶᠢᠷᠡᠵᠦ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠨ᠂ ᠲᠥᠬᠦᠮ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ ᠮᠠᠯᠴᠢᠨ ᠲᠦᠮᠡᠨ ᠳᠤ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠶᠢᠨ ᠴᠢᠬᠤᠯᠠ ᠴᠢᠨᠠᠷ ᠵᠢᠴᠢ ᠬᠠᠤᠯᠢ ᠪᠤᠰᠤ ᠬᠡᠪᠯᠡᠭᠳᠡᠬᠦᠨ ᠪᠠ ᠮᠡᠳᠡᠭᠡ ᠵᠠᠩᠭᠢ ᠶᠢᠨ ᠨᠡᠶᠢᠭᠡᠮ ᠨᠡᠶᠢᠳᠡ ᠳᠤ ᠤᠴᠠᠷᠠᠭᠤᠯᠬᠤ ᠬᠤᠤᠷ ᠬᠥᠨᠥᠭᠡᠯ ᠢ ᠤᠬᠠᠭᠤᠯᠤᠨ ᠲᠠᠶᠢᠯᠪᠤᠷᠢᠯᠠᠵᠠᠢ  ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号