ᠲᠠᠶᠢᠹᠤᠰᠧ ᠬᠤᠰᠢᠭᠤ ᠦᠢᠯᠡᠴᠢᠯᠡᠭᠡᠨ ᠤ ᠠᠷᠭ᠎ᠠ ᠪᠠᠷᠢᠯ ᠢᠶᠠᠨ ᠰᠢᠨᠡᠴᠢᠯᠡᠨ ᠠᠵᠢᠯ ᠤᠯᠬᠤ ᠶᠢ ᠲᠤᠭᠳᠠᠪᠤᠷᠢᠵᠢᠭᠤᠯᠵᠤ ᠠᠵᠢᠯ ᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/7/12
  ᠤᠷᠴᠢᠮᠬᠠᠨ ᠰᠢᠯᠢ ᠶᠢᠨ ᠬᠤᠳᠠ ᠳᠤ ᠶᠠᠪᠤᠭᠳᠠᠭᠰᠠᠨ 2024 ᠣᠨ ᠤ ᠪᠦᠬᠦ ᠠᠶᠢᠮᠠᠭ  ᠤᠨ ᠦᠢᠯᠡᠰ ᠪᠦᠳᠦᠭᠡᠬᠦ ᠲᠥᠷᠥᠯ ᠵᠦᠢᠯ ᠤᠨ ᠲᠠᠨᠢᠯᠴᠠᠭᠤᠯᠭ᠎ᠠ ᠶᠢᠨ ᠬᠤᠷᠠᠯ ᠳᠤ  ᠲᠠᠶᠢᠹᠤᠰᠧ ᠬᠤᠰᠢᠭᠤᠨ ᠤ ᠬᠢᠨ 10 ᠠᠵᠤ ᠠᠵᠤ ᠠᠬᠤᠶᠢᠯᠠᠯ   ᠢ ᠲᠤᠮᠢᠯᠠᠨ ᠤᠷᠤᠯᠴᠠᠭᠤᠯᠵᠠᠢ᠃ ᠠᠵᠢᠯᠯᠠᠭᠠᠨ ᠤ ᠠᠬᠤᠢ ᠲᠠᠯᠠᠪᠠᠶ ᠳᠤ ᠠᠵᠢᠯᠲᠠᠨ ᠡᠯᠰᠡᠬᠦ ᠲᠣᠭᠤᠷᠢᠭ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠲᠣᠭᠤᠷᠢᠭ᠂ ᠲᠥᠷᠥ ᠶᠢᠨ ᠪᠣᠳᠣᠯᠭ᠎ᠠ  ᠤᠬᠠᠭᠤᠯᠬᠤ ᠲᠣᠭᠤᠷᠢᠭ᠂  ᠡᠷᠡᠮᠡᠯᠵᠡᠯᠡᠨ ᠮᠡᠳᠡᠭᠦᠯᠬᠦ ᠲᠣᠭᠤᠷᠢᠭ  ᠂  ᠦᠢᠯᠡᠰ ᠪᠦᠳᠦᠬᠡᠬᠦ ᠲᠥᠷᠥᠯ ᠵᠦᠢᠯ ᠢ ᠲᠠᠨᠢᠯᠴᠠᠭᠤᠯᠤᠨ ᠦᠵᠡᠭᠦᠯᠬᠦ ᠲᠤᠭᠤᠷᠢᠭ ᠵᠡᠷᠭᠡ ᠣᠯᠠᠨ ᠵᠦᠢᠯ ᠤᠨ ᠭᠤᠤᠯ ᠰᠡᠳᠦᠪᠲᠦ ᠲᠤᠰᠬᠠᠶ ᠲᠣᠭᠤᠷᠢᠭ ᠢ ᠲᠤᠬᠢᠷᠠᠭᠤᠯᠤᠭᠠᠳ᠂ ᠠᠵᠢᠯ ᠡᠷᠢᠭᠰᠡᠳ ᠲᠤ ᠣᠯᠠᠨ ᠲᠠᠯ᠎ᠠ ᠶᠢᠨ ᠠᠵᠢᠯ ᠣᠯᠭᠤᠵᠤ ᠦᠢᠯᠡᠰ ᠪᠦᠳᠦᠬᠡᠬᠦ ᠦᠢᠯᠡᠴᠢᠯᠡᠭᠡ ᠶᠢ ᠬᠠᠩᠭᠠᠭᠰᠠᠨ ᠪᠠᠶᠢᠯ᠎ᠠ᠃ ᠬᠤᠷᠠᠯ ᠳᠡᠭᠡᠷ᠎ᠡ᠂ ᠲᠠᠶᠢᠹᠤᠰᠧ ᠬᠤᠰᠢᠭᠤᠨ ᠤ ᠬᠢᠨ ᠲᠠᠯ᠎ᠠ ᠨᠤᠲᠤᠭ ᠤᠨ ᠤᠨᠴᠠᠯᠢᠭᠳᠤ ᠢᠳᠡᠭᠡᠨ ᠤᠮᠳᠠᠭᠠᠨ᠂ ᠦᠨᠳᠦᠰᠦᠲᠡᠨ ᠤ ᠬᠤᠪᠴᠠᠰᠤ ᠵᠠᠰᠠᠯ᠂ ᠭᠠᠷ ᠤᠷᠠᠯᠠᠯ ᠤᠨ ᠪᠦᠳᠦᠭᠡᠭᠳᠡᠬᠦᠨ᠂ ᠰᠣᠶᠣᠯ ᠵᠢᠭᠤᠯᠴᠢᠯᠠᠯ᠂ ᠡᠯᠧᠺᠲᠷᠤᠨ ᠬᠤᠳᠠᠯᠳᠤᠭᠠᠨ ᠤ ᠦᠢᠯᠡᠴᠢᠯᠡᠭᠡ ᠵᠡᠷᠭᠡ ᠶᠢ ᠪᠠᠭᠳᠠᠭᠠᠭᠰᠠᠨ ᠨᠤᠳᠤᠭ ᠤᠷᠤᠨ ᠤ ᠤᠨᠴᠠᠯᠢᠭ ᠲᠠᠢ 10 ᠲᠦᠷᠦᠯ ᠵᠦᠢᠯ ᠢ ᠦᠵᠡᠰᠬᠦᠯᠡᠩ ᠳᠤ ᠤᠷᠤᠯᠴᠠᠭᠤᠯᠪᠠ᠃ ᠡᠳᠡᠭᠡᠷ ᠲᠦᠷᠦᠯ ᠵᠦᠢᠯ ᠨᠢ ᠲᠤᠰ ᠪᠡᠶ᠎ᠡ ᠶᠢᠨ ᠣᠨᠴᠠᠯᠢᠭ ᠪᠠ ᠳᠠᠪᠠᠭᠤᠯᠢᠭ ᠢᠶᠠᠨ ᠳᠡᠯᠭᠡᠨ ᠦᠵᠡᠬᠦᠯᠦᠭᠡᠳ᠂ ᠮᠠᠰᠢ ᠤᠯᠠᠨ ᠬᠥᠮᠦᠰ ᠤᠨ ᠠᠩᠬᠠᠷᠤᠯ ᠢ  ᠲᠠᠳᠠᠭᠰᠠᠨ ᠪᠠᠶᠢᠨ᠎ᠠ᠃  ᠤᠶᠢᠷ᠎ᠠ ᠶᠢᠨ ᠵᠢᠯ ᠳᠤ ᠲᠠᠶᠢᠹᠤᠰᠧ ᠬᠤᠰᠢᠭᠤ ᠨᠢ ᠨᠢ ᠦᠢᠯᠡᠰ ᠪᠦᠳᠦᠬᠡᠬᠦ ᠪᠠᠷ ᠠᠵᠢᠯ ᠤᠯᠬᠤ ᠶᠢ ᠲᠠᠶᠢᠴᠢᠯᠠᠬᠤ ᠳᠠᠯᠳᠠ ᠬᠦᠴᠦᠨ ᠢ ᠪᠠᠳᠠᠷᠠᠭᠤᠯᠬᠤ ᠲᠠᠯ᠎ᠠ ᠪᠠᠷ ᠬᠦᠴᠦ ᠲᠠᠯᠪᠢᠵᠤ᠂  ᠦᠢᠯᠡᠰ  ᠪᠦᠳᠦᠭᠡᠬᠦ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ᠂  ᠦᠢᠯᠡᠰ ᠪᠦᠳᠦᠬᠡᠬᠦ ᠪᠣᠯᠪᠠᠰᠤᠷᠠᠯ ᠡᠷᠬᠢᠯᠡᠬᠦ ᠪᠠ ᠦᠢᠯᠡᠰ ᠪᠦᠳᠦᠬᠡᠬᠦ ᠵᠢᠯᠤᠭᠤᠳᠤᠯᠭ᠎ᠠ ᠬᠠᠩᠭᠠᠬᠤ ᠵᠡᠷᠭᠡ  ᠬᠠᠷᠠᠭᠠᠯᠵᠠᠯ  ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ   ᠨᠠᠶᠢᠳᠠᠪᠤᠷᠢᠵᠢᠭᠤᠯᠵᠤ ᠢᠷᠡᠭᠰᠡᠨ ᠶᠤᠮ᠃ ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠲᠠᠯ᠎ᠠ᠂ ᠦᠢᠯᠡᠰ  ᠪᠦᠳᠦᠭᠡᠬᠦ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶  ᠳᠤ 27 ᠡᠷᠦᠬᠡ ᠬᠤᠪᠢ ᠶᠢᠨ ᠠᠵᠤ ᠠᠬᠤᠶᠢᠯᠠᠯ ᠤᠷᠤᠵᠤ ᠨᠤᠳᠤᠭᠰᠢᠭᠠᠳ᠂  293 ᠬᠥᠮᠦᠨ ᠢ ᠲᠠᠶᠢᠴᠢᠯᠠᠨ ᠠᠵᠢᠯ ᠤᠯᠭᠤᠵᠠᠢ᠃  ᠲᠤᠰ ᠬᠤᠰᠢᠭᠤ ᠨᠢ ᠦᠢᠯᠡᠰ ᠪᠦᠳᠦᠬᠡᠬᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂  ︽ ᠲᠦᠷᠭᠡᠨ ᠬᠢᠨᠠᠵᠤ ᠲᠦᠷᠭᠡᠨ ᠬᠦᠢᠴᠡᠳᠭᠡᠬᠦ︾  ᠵᠠᠭᠪᠤᠷ ᠢ ᠪᠥᠬᠦ ᠲᠠᠯ᠎ᠠ ᠪᠠᠷ ᠭᠡᠷᠡᠭᠵᠢᠬᠦᠯᠦᠭᠡᠳ᠂ 24 ᠬᠤᠪᠢ 357 ᠲᠦᠮᠡᠨ ᠲᠥᠭᠦᠷᠢᠭ ᠤᠨ ᠪᠠᠳᠤᠯᠠᠭᠠᠳᠤ ᠵᠢᠭᠡᠯᠡᠯᠭᠡ ᠶᠢ ᠲᠠᠷᠬᠠᠭᠠᠵᠤ᠂ ᠪᠥᠬᠦ ᠬᠤᠰᠢᠭᠤᠨ ᠤ ᠦᠢᠯᠡᠰ ᠪᠦᠳᠦᠬᠡᠬᠦ ᠲᠥᠷᠥᠯ ᠵᠦᠢᠯ ᠤᠨ ᠲᠣᠭᠲᠠᠭᠤᠨ ᠢᠶᠠᠷ ᠬᠥᠭᠵᠢᠬᠦ ᠳᠤ ᠬᠦᠴᠦᠲᠡᠶ ᠪᠠᠲᠤᠯᠠᠭ᠎ᠠ ᠬᠠᠩᠭᠠᠨ᠂  ᠦᠢᠯᠡᠰ ᠪᠦᠳᠦᠬᠡᠬᠦ ᠪᠠᠷ ᠠᠵᠢᠯ ᠤᠯᠬᠤ ᠶᠢ ᠳᠠᠶᠢᠴᠢᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号