ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠵᠥᠪ ᠦᠨᠳᠦᠰᠦᠲᠡᠨ ᠤ ᠦᠵᠡᠯᠲᠡ ᠶᠢ | ᠪᠣᠶ ᠪᠣᠯᠭᠠᠬᠤ ᠶᠢᠨ ᠲᠥᠯᠥᠭᠡ᠂ 7 ᠰᠠᠷ᠎ᠠ ᠶᠢᠨ 11 ᠤ ᠡᠳᠦᠷ ᠯᠦᠸᠧ ᠲᠦᠸᠧ ᠱᠠᠨ ᠪᠠᠯᠭᠠᠰᠤ ᠨᠢ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣ ᠤᠨᠤᠯ︾ ᠤᠨ ᠲᠤᠰᠬᠠᠶ ᠰᠡᠳᠦᠪᠲᠦ | ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ | ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠤᠷᠤᠯᠴᠠᠵᠠᠢ᠃ ᠪᠠᠯᠭᠠᠰᠤᠨ ᠤ ᠨᠢᠭᠡᠳᠦᠮᠡᠯ ᠹᠷᠣᠨᠲ ᠤᠨ | ᠭᠡᠰᠢᠭᠦᠨ ᠸᠠᠩ ᠯᠠᠨ ᠠᠴᠠ ᠤᠨᠤᠯ᠂ ᠲᠡᠦᠬᠡ ᠪᠠ ᠪᠠᠷᠠᠯᠠᠯ ᠵᠡᠷᠭᠡ ᠭᠤᠷᠪᠠᠨ ᠬᠡᠰᠡᠭ ᠠᠴᠠ ᠪᠦᠬᠦ ᠲᠠᠯ᠎ᠠ ᠶᠢᠨ | ᠰᠢᠰᠲ᠋ᠧᠮ ᠲᠠᠢ ᠲᠠᠶᠢᠯᠤᠮᠵᠢ ᠬᠢᠵᠦ᠂ ᠡᠷᠳᠡ ᠦᠶ᠎ᠡ ᠶᠢᠨ ᠬᠥᠭᠵᠢᠯᠲᠡ᠂ ᠣᠷᠴᠢᠨ ᠦᠶ᠎ᠡ ᠶᠢᠨ ᠬᠥᠭᠵᠢᠯᠲᠡ ᠪᠠ | ᠤᠳᠤ ᠦᠶ᠎ᠡ ᠶᠢᠨ ᠬᠥᠭᠵᠢᠯᠲᠡ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠡᠭᠦᠰᠦᠯ᠂ ᠪᠦᠷᠢᠯᠳᠦᠯ ᠪᠠ ᠬᠥᠭᠵᠢᠯᠲᠡ ᠶᠢ ᠨᠠᠷᠢᠨ ᠲᠠᠶᠢᠯᠪᠤᠷᠢᠯᠠᠭᠠᠳ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠤᠨ ᠨᠢᠭᠡᠳᠦᠯ ᠤᠨ ᠰᠠᠭᠤᠷᠢ᠂ ᠦᠨᠳᠦᠰᠦᠲᠡᠨ ᠤ | ᠪᠦᠯᠬᠦᠮᠳᠡᠯ ᠤᠨ ᠦᠨᠳᠦᠰᠦ᠂ ᠤᠶᠤᠨ ᠰᠠᠨᠠᠭᠠᠨ ᠤ ᠰᠦᠭ ᠰᠦᠨᠡᠰᠦ ᠮᠥᠨ ᠭᠡᠳᠡᠭ ᠢ ᠤᠯᠠᠨ ᠳᠤ ᠲᠠᠨᠢᠭᠤᠯᠪᠠ᠃ | ᠳᠠᠷᠠᠭᠠᠴᠢ ᠶᠢᠨ ᠠᠯᠬᠤᠮ ᠳᠤ᠂ ᠯᠦᠸᠧ ᠲᠦᠸᠧ ᠱᠠᠨ ᠪᠠᠯᠭᠠᠰᠤ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠤᠬᠠᠭᠤᠯᠵᠤ | ᠤᠯᠠᠨ ᠶᠠᠩᠵᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠵᠢᠯᠯᠠᠭ᠎ᠠ ᠶᠢ ᠦᠷᠨᠢᠬᠦᠯᠦᠨ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠡᠶ᠎ᠡ ᠵᠣᠬᠢᠴᠠᠩᠭᠤᠢ ᠪᠠᠷ | ᠤᠷᠤᠭᠰᠢᠯᠠᠨ ᠬᠥᠭᠵᠢᠬᠦ ᠶᠢ ᠴᠢᠨᠠᠭᠰᠢᠳᠠ ᠠᠬᠢᠭᠤᠯᠬᠤ ᠪᠠᠷ ᠪᠠᠶᠢᠨ᠎ᠠ᠃ |