ᠪᠣᠣᠴᠠᠩ ᠪᠠᠯᠭᠠᠰᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/7/12
  7 ᠰᠠᠷ᠎ᠠ ᠶᠢᠨ 10 ᠤ ᠡᠳᠦᠷ᠂ ᠪᠤᠤᠴᠠᠩ ᠪᠠᠯᠭᠠᠰᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂  ᠲᠣᠰᠬᠤᠨ ᠳᠠᠭᠠᠭᠠᠴᠢᠯᠠᠭᠰᠠᠨ ᠺᠠᠳ᠋ᠷ᠂ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠬᠦᠷ ᠤᠨ ᠱᠦᠵᠢ᠂ ᠲᠠᠩᠰᠠ ᠮᠡᠳᠡᠭᠦᠯᠦᠭᠴᠢ ᠨᠠᠷ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ᠶᠠᠷᠢᠶᠠᠨ ᠳᠠᠭᠠᠨ᠂ ᠲᠣᠰᠬᠤᠨ ︵ᠨᠡᠶᠢᠭᠡᠮ ᠲᠣᠭᠤᠷᠢᠭ︶ ᠤ ᠱᠦᠵᠢ ᠨᠠᠷ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠲᠠᠭᠠᠭᠤᠯᠤᠭᠴᠢ︾ ᠪᠣᠯᠤᠭᠰᠠᠨ ᠤ ᠬᠤᠪᠢ ᠳᠤ᠂  ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠲᠡᠭᠡᠭᠰᠢᠯᠡᠬᠦᠯᠦᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠪᠣᠯ ᠨᠠᠮ ᠤᠨ ᠺᠠᠳ᠋ᠷ ᠤᠨ ᠡᠷᠬᠡᠪᠰᠢ ᠪᠦᠷᠢᠯᠳᠦᠭᠦᠯᠬᠦ ᠦᠨᠳᠦᠰᠦᠨ ᠬᠡᠪ ᠴᠢᠨᠠᠷ  ᠭᠡᠳᠡᠭ ᠢ ᠴᠠᠭ ᠢᠮᠠᠭᠲᠠ ᠪᠠᠲᠤ  ᠴᠡᠬᠡᠵᠢᠯᠡᠵᠦ᠂  ᠡᠷᠡᠰ ᠰᠢᠭᠤᠷᠬᠠᠢ ᠭᠡᠷᠡᠭᠵᠢᠬᠦᠯᠦᠨ᠂ ᠦᠳᠲᠡᠷ ᠲᠦᠷᠭᠡᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠬᠦ ᠶᠢ ᠨᠢᠭᠡ ᠵᠦᠢᠯ ᠤᠨ ᠦᠢᠯᠡ ᠠᠵᠢᠯᠯᠠᠭᠠᠨ ᠤ ᠤᠬᠠᠮᠰᠠᠷ ᠪᠣᠯᠭᠠᠬᠤ ᠬᠡᠷᠡᠭᠲᠡᠢ᠃  ᠲᠤᠰᠬᠤᠨ ᠳᠠᠭᠠᠭᠠᠴᠢᠯᠠᠭᠰᠠᠨ ᠺᠠᠳ᠋ᠷᠴᠤᠳ ᠠᠶᠢᠯ ᠡᠷᠦᠬᠡ  ᠪᠠᠷ ᠤᠷᠤᠵᠤ ᠲᠠᠷᠢᠶᠠᠨ ᠭᠠᠵᠠᠷ ᠲᠤ ᠬᠦᠷᠴᠦ ᠪᠠᠶᠢᠭᠠᠳ  ᠡᠯ᠎ᠡ ᠲᠦᠷᠦᠯ ᠤᠨ ᠠᠵᠢᠯ ᠡᠬᠦᠷᠭᠡ ᠶᠢ ᠨᠠᠶᠢᠳᠠᠪᠤᠷᠢᠵᠢᠭᠤᠯᠤᠨ᠂ ᠳᠠᠭᠠᠭᠠᠴᠢᠯᠠᠭᠰᠠᠨ ᠲᠣᠰᠬᠤᠨ ᠤ ᠪᠠᠨ ᠡᠷᠦᠬᠡ ᠨᠢᠭᠡᠪᠦᠷᠢ ᠶᠢᠨ ᠪᠠᠶᠢᠳᠠᠯ ᠢ ᠨᠢ ᠮᠡᠳᠡᠵᠦ ᠬᠦᠴᠢᠷᠳᠡᠯ ᠢ ᠤᠶᠢᠯᠠᠭᠠᠵᠤ᠂ ᠬᠦᠷᠳᠡᠭᠡᠬᠦ ᠶᠣᠰᠣᠲᠠᠢ ᠶᠢ ᠨᠢ ᠬᠦᠷᠳᠡᠭᠡᠨ᠂ ᠲᠤᠰᠠᠯᠠᠬᠤ ᠶᠣᠰᠣᠲᠠᠢ ᠶᠢ ᠨᠢ ᠲᠤᠰᠠᠯᠠᠵᠤ   ᠭᠡᠭᠡᠭᠳᠡᠬᠦᠯᠵᠦ ᠤᠷᠬᠢᠭᠳᠠᠭᠤᠯᠬᠤ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠭᠤᠷᠪᠠ ᠳᠤ᠂   ︽ᠥᠨᠳᠥᠷ ᠵᠣᠭᠰᠣᠴᠠ ᠪᠠᠷ ᠠᠬᠢᠭᠤᠯᠬᠤ᠂ ᠥᠨᠳᠥᠷ ᠭᠠᠷᠤᠭ᠎ᠠ ᠠᠴᠠ ᠬᠡᠷᠡᠭᠵᠢᠭᠦᠯᠬᠦ︾ ᠵᠠᠷᠴᠢᠮ ᠢ ᠪᠠᠷᠢᠮᠳᠠᠯᠠᠨ᠂ ᠡᠯ᠎ᠡ ᠲᠦᠷᠦᠯ ᠠᠵᠢᠯ ᠡᠭᠦᠷᠭᠡ ᠶᠢ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠬᠠᠤᠯᠢᠵᠢᠯ  ᠤᠨ ᠪᠠᠶᠢᠭᠤᠯᠤᠯᠳᠠ᠂  ᠪᠣᠯᠪᠠᠰᠤᠨ ᠤ ᠪᠠᠶᠢᠭᠤᠯᠤᠯᠳᠠ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠭᠡᠷᠡᠭᠳᠡᠢ ᠬᠡᠵᠦ ᠴᠢᠬᠤᠯᠠᠴᠢᠯᠠᠪᠠ᠃ ᠪᠠᠯᠭᠠᠰᠤᠨ ᠳᠠᠷᠤᠭ᠎ᠠ ᠵᠠᠩ ᠱᠸᠤ ᠴᠢᠶᠠᠩ ᠠᠴᠠ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ  ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠠᠶᠢᠭᠤᠯᠤᠯᠳᠠ᠂ ︽ᠡᠳ᠋ ᠬᠦᠷᠦᠩᠭᠡ ᠡᠬᠢ ᠪᠠᠶᠠᠯᠢᠭ ᠪᠡᠯᠡ ᠮᠦᠩᠬᠦ︾ ᠶᠢᠨ ᠬᠠᠮᠢᠶᠠᠷᠤᠯᠲᠠ᠂ ᠭᠤᠷᠪᠠᠨ ᠶᠠᠪᠤᠳᠠᠯ ᠢ ᠢᠯᠡ ᠪᠣᠯᠭᠠᠬᠤ ᠵᠡᠷᠭᠡ  ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠪᠣᠳᠠᠲᠠᠶ ᠪᠠᠶᠢᠷᠢᠯᠠᠭᠤᠯᠤᠯᠲᠠ ᠬᠢᠵᠦ᠂  ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠵᠠᠩ ᠰᠢᠶᠤᠤ ᠳ᠋ᠦᠩ  ᠠᠴᠠ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠭᠰᠡᠨ ᠪᠥᠭᠡᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠳᠡᠳ᠋ ᠪᠠᠯᠭᠠᠰᠤᠨ ᠳᠠᠷᠤᠭ᠎ᠠ ᠯᠢᠦ ᡁᠢ ᠴᠢᠶᠠᠩ ᠠᠴᠠ ᠵᠠᠬᠢᠳᠠᠯ ᠰᠤᠷᠪᠤᠯᠵᠢᠯᠠᠭ᠎ᠠ᠂ ᠠᠶᠤᠯᠭᠦᠢ ᠦᠢᠯᠡᠳᠪᠦᠷᠢᠯᠡᠯ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠶ ᠨᠤᠳᠤᠭ  ᠪᠡᠯᠴᠢᠭᠡᠷ  ᠤᠨ ᠠᠵᠢᠯ ᠳᠤ ᠪᠠᠶᠢᠷᠢᠯᠠᠭᠤᠯᠤᠯᠲᠠ ᠬᠢᠵᠦ᠂  ᠵᠣᠬᠢᠶᠠᠨ ᠪᠠᠶᠢᠭᠤᠯᠬᠤ ᠭᠡᠰᠢᠭᠦᠨ ᠯᠢ ᠳ᠋ᠧ ᠱᠧᠩ ᠠᠴᠠ ᠲᠣᠰᠬᠤᠨ ︵ᠨᠡᠶᠢᠭᠡᠮ ᠲᠣᠭᠤᠷᠢᠭ︶ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ︽ᠨᠢᠭᠡ ᠲᠣᠰᠬᠤᠨ ᠤ ᠨᠢᠭᠡ ᠲᠡᠮᠳᠡᠭ︾᠂  ᠨᠠᠮ ᠤᠨ ᠡᠬᠦᠷ ᠤᠨ ᠱᠦᠵᠢ ᠶᠢᠨ ᠪᠡᠯᠡᠳᠬᠡᠯ ᠬᠦᠴᠦᠨ ᠢ ᠰᠢᠯᠢᠳᠡᠭᠵᠢᠬᠦᠯᠬᠦ ᠵᠡᠷᠭᠡ ᠠᠵᠢᠯ ᠳᠤ ᠪᠠᠶᠢᠷᠢᠯᠠᠭᠤᠯᠤᠯᠳᠠ ᠬᠢᠵᠦ᠂ ᠤᠬᠠᠭᠤᠯᠬᠤ ᠭᠡᠰᠢᠭᠦᠨ ᠯᠢᠦ ᠬᠤᠸᠠᠨ ᠴᠢᠩ ᠠᠴᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠦᠵᠡᠯ ᠤᠬᠠᠮᠰᠠᠷ ᠤᠨ ᠬᠡᠯᠪᠡᠷᠢ᠂  ︽ᠬᠤᠪᠢ ᠬᠤᠷᠠᠮᠳᠤᠭᠤᠯᠬᠤ ᠴᠢᠯᠦᠭᠡᠳᠦ ᠳᠡᠯᠭᠡᠭᠦᠷ︾ ᠤᠨ ᠠᠵᠢᠯ ᠢ ᠭᠤᠣᠯᠳᠠᠯᠭ᠎ᠠ ᠲᠠᠢ ᠪᠠᠶᠢᠷᠢᠯᠠᠭᠤᠯᠤᠨ᠂ ᠨᠢᠭᠡᠳᠦᠮᠡᠯ ᠹᠷᠣᠨᠲ ᠤᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠶᠠᠩ ᠰᠢᠶᠤᠤ ᠾᠦᠢ ᠠᠴᠠ ᠨᠢᠭᠡᠳᠦᠮᠡᠯ ᠹᠷᠣᠨᠲ ᠤᠨ ᠠᠵᠢᠯ᠂ ᠵᠡᠪᠰᠡᠭᠲᠦ ᠬᠦᠴᠦᠨ ᠤ ᠠᠵᠢᠯ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠪᠠᠶᠢᠷᠢᠯᠠᠭᠤᠯᠵᠤ᠂ ᠳᠡᠳ᠋ ᠪᠠᠯᠭᠠᠰᠤᠨ ᠳᠠᠷᠤᠭ᠎ᠠ ᠯᠢᠦ ᠴᠦᠨ ᠵᠢᠶᠧ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠭᠢᠨ ᠬᠠᠷᠠᠬᠤ︾ ᠠᠵᠢᠯ᠂ ᠣᠷᠣᠰᠢᠨ  ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠠᠵᠢᠯ᠂ ᠤᠰᠤᠨ ᠤ ᠰᠦᠢᠳᠬᠡᠯ ᠬᠤᠷᠢᠶᠠᠬᠤ ᠠᠵᠢᠯ ᠳᠤ ᠪᠠᠶᠢᠷᠢᠯᠠᠭᠤᠯᠤᠯᠳᠠ ᠬᠢᠪᠡ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号