ᠭᠦᠨᠪᠤᠯᠠᠭ ᠰᠤᠮᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/7/12
 7 ᠰᠠᠷ᠎ᠠ ᠶᠢᠨ 11 ᠤ ᠡᠳᠦᠷ᠂ ᠭᠦᠨᠪᠤᠯᠠᠭ ᠰᠤᠮᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠮᠵᠢᠯᠳᠠ ᠲᠠᠢ ᠬᠤᠷᠠᠯᠳᠤᠵᠤ᠂  ᠠᠷᠠᠳ ᠤᠨ ᠲᠥᠯᠥᠭᠡᠯᠡᠭᠴᠢᠳ ᠨᠢᠭᠡ ᠲᠠᠩᠬᠢᠮ ᠳᠤ ᠴᠤᠭᠯᠠᠷᠠᠨ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠦ᠂ ᠬᠥᠭᠵᠢᠯᠲᠡ ᠶᠢᠨ ᠵᠠᠮ ᠢ ᠬᠠᠮᠲᠤ ᠪᠠᠷ ᠡᠷᠢᠯᠬᠢᠯᠡᠨ᠂ ᠬᠦᠨᠪᠤᠯᠠᠭ ᠰᠤᠮᠤᠨ ᠤ ᠪᠠᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠵᠢᠷᠤᠭᠯᠠᠪᠠ᠃  ᠪᠡᠯᠡᠳᠬᠡᠯ ᠬᠤᠷᠠᠯ ᠳᠡᠭᠡᠷ᠎ᠡ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠᠶᠠᠷ ᠠᠴᠠ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠶᠡᠭᠡ ᠬᠤᠷᠠᠯ ᠤᠨ ᠵᠥᠪᠯᠡᠬᠦ ᠵᠦᠢᠯ᠂ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ ᠰᠠᠨᠠᠭᠤᠯᠭ᠎ᠠ ᠶᠢᠨ ᠨᠡᠷᠡᠰ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠤᠨ ᠭᠡᠰᠢᠬᠦᠨ ᠤ ᠨᠡᠷᠡᠰ ᠢ ᠪᠠᠳᠤᠯᠠᠭᠤᠯᠵᠠᠢ᠃  ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ ᠴᠠᠢ ᠸᠧᠨ ᠰᠢᠤᠢ ᠶᠡᠭᠡ ᠬᠤᠷᠠᠯ ᠢ ᠡᠷᠭᠢᠯᠡᠨ ᠡᠬᠢᠯᠡᠯᠲᠡ ᠶᠢᠨ ᠦᠭᠡ ᠬᠡᠯᠡᠵᠦ᠂ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠭᠦᠸᠧ ᠰᠢᠶᠤᠤ ᠮᠧᠩ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠵᠢᠱᠢᠭᠳᠡᠭᠴᠢ ᠪᠠᠶᠠᠷ  ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾ ᠬᠢᠵᠦ᠂ ᠳᠡᠳ᠋ ᠰᠤᠮᠤᠨ ᠳᠠᠷᠤᠭ᠎ᠠ ᠦᠷᠴᠠᠶᠢᠬᠤ ᠬᠦᠨᠪᠤᠯᠠᠭ ᠰᠤᠮᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠤᠬᠠᠢ ᠮᠡᠳᠡᠬᠦᠯᠦᠯᠳᠡ ᠬᠢᠪᠡ᠃ ᠲᠠᠷᠠᠭ᠎ᠠ ᠨᠢ ᠶᠡᠭᠡ ᠬᠤᠷᠠᠯ ᠤᠨ ᠰᠤᠩᠭᠤᠭᠤᠯᠢ ᠶᠠᠪᠤᠭᠳᠠᠵᠤ᠂ ᠰᠢᠨ᠎ᠡ ᠪᠠᠷ ᠰᠣᠩᠭᠤᠭᠳᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠᠶᠠᠷ  ᠂  ᠳᠡᠳ᠋ ᠰᠤᠮᠤᠨ ᠳᠠᠷᠤᠭ᠎ᠠ ᠪᠦᠦ ᠺᠠᠶ ᠸᠧᠨ ᠦᠨᠳᠦᠰᠦᠨ ᠬᠠᠤᠯᠢ ᠳᠤ ᠲᠠᠩᠭᠠᠷᠢᠭ ᠡᠷᠬᠦᠵᠡᠢ᠃ ᠰᠤᠮᠤᠨ ᠤ ᠨᠠᠮ ᠤᠨ ᠬᠤᠷᠢᠶᠠᠨ ᠤ ᠱᠦᠵᠢ ᠤᠷᠬᠢᠯ ᠲᠡᠭᠦᠰᠬᠡᠯ ᠤᠨ ᠶᠠᠷᠢᠶᠠᠨ ᠳᠠᠭᠠᠨ᠂ ᠪᠦᠬᠦ ᠰᠤᠮᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠡᠯ᠎ᠡ ᠲᠦᠷᠦᠯ ᠤᠨ ᠠᠵᠢᠯ ᠤᠨ ᠭᠤᠣᠯ ᠰᠢᠵᠢᠮ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃  ᠠᠷᠠᠳ ᠤᠨ ᠲᠥᠯᠥᠭᠡᠯᠡᠭᠴᠢᠳ ᠲᠤᠰ ᠲᠤᠰ ᠤᠨ ᠠᠵᠢᠯ ᠤᠨ ᠪᠠᠶᠢᠷᠢ ᠳᠠᠭᠠᠨ ᠪᠤᠴᠠᠭᠰᠠᠨ ᠤ ᠲᠠᠷᠠᠭ᠎ᠠ ᠨᠠᠮ ᠤᠨ ᠭᠡᠰᠢᠭᠦᠨ᠂ ᠤᠯᠠᠨ ᠲᠦᠮᠡᠨ ᠳᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠨ᠂ ᠶᠡᠭᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ ᠴᠢᠷᠮᠠᠶᠢᠨ ᠠᠵᠢᠯᠯᠠᠵᠤ᠂ ᠲᠥᠯᠥᠭᠡᠯᠡᠭᠴᠢᠳ ᠤᠨ ᠬᠠᠷᠢᠭᠤᠴᠠᠯᠭᠠᠲᠤ ᠰᠡᠳᠬᠢᠯᠭᠡ᠂ ᠤᠬᠠᠮᠰᠠᠷᠲᠤ ᠴᠢᠨᠠᠷ ᠢᠶᠠᠨ ᠴᠢᠨᠠᠭᠰᠢᠳᠠ ᠲᠡᠭᠡᠭᠰᠢᠯᠡᠬᠦᠯᠦᠨ᠂ ᠤᠯᠠᠨ ᠲᠦᠮᠡᠨ ᠲᠠᠢ ᠬᠠᠷᠢᠴᠠᠭ᠎ᠠ ᠪᠠᠨ ᠤᠯᠠᠮ ᠨᠢᠬᠳᠠᠷᠠᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ᠴᠢᠨᠡᠭᠡᠯᠢᠭ ᠨᠡᠶᠢᠭᠡᠮ ᠢ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号