ᠲᠠᠶᠢᠹᠤᠰᠧ ᠬᠤᠰᠢᠭᠤ ᠬᠤᠷᠠᠯ ᠬᠢᠵᠦ ᠭᠤᠣᠯᠳᠠᠯᠭ᠎ᠠ ᠲᠠᠢ ᠠᠵᠢᠯ ᠢ ᠲᠤᠬᠢᠷᠠᠭᠤᠯᠪᠠ
ᠨᠡᠶᠢᠲᠡᠯᠡᠭᠰᠡᠨ ᠴᠠᠭ᠄
2024/7/15
 7 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠠᠬᠢᠭᠤᠯᠬᠤ ᠬᠤᠷᠠᠯ ᠵᠢᠴᠢ ︽ᠲᠠᠪᠤᠨ ᠶᠡᠭᠡ ᠡᠭᠦᠷᠭᠡ︾ ᠪᠠ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠥᠬᠦᠶ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠨ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠭᠠᠷᠬᠤ ᠦᠭᠡᠢ ᠶᠢ ᠪᠠᠲᠤᠯᠠᠬᠤ ᠬᠡᠷᠡᠭᠲᠡᠢ  ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠦᠬᠡᠷᠡᠴᠢᠯᠡᠯᠳᠡ᠂ ᠬᠤᠭ ᠨᠣᠪᠰᠢ ᠪᠠ ᠪᠣᠬᠢᠷ ᠤᠰᠤ ᠶᠢ ᠰᠢᠢᠳᠪᠦᠷᠢᠯᠡᠬᠦ᠂ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠲᠠᠬᠢᠨ ᠠᠰᠢᠭᠯᠠᠬᠤ ᠵᠡᠷᠭᠡ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠦᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠤᠨ ᠵᠠᠰᠠᠯᠳᠠ ᠪᠠ ᠲᠡᠭᠡᠭᠰᠢᠯᠡᠯᠳᠡ ᠶᠢ ᠭᠦᠨᠵᠡᠭᠡᠢ ᠠᠬᠢᠭᠤᠯᠬᠤ ᠬᠡᠷᠡᠭᠲᠡᠢ᠃ ᠵᠠᠮ᠂ ᠤᠰᠤ ᠪᠤᠯᠤᠨ ᠬᠤᠭ ᠨᠣᠪᠰᠢ ᠪᠣᠬᠢᠷ ᠤᠰᠤ ᠰᠢᠢᠳᠪᠦᠷᠢᠯᠡᠬᠦ ᠵᠡᠷᠭᠡ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠂ ᠢᠷᠡᠬᠦ ᠵᠢᠯ ᠤᠨ ᠲᠦᠷᠦᠯ ᠵᠦᠢᠯ ᠢ ᠡᠷᠳᠡ ᠠᠴᠠ ᠰᠤᠳᠤᠯᠤᠨ ᠲᠥᠯᠥᠪᠵᠢᠭᠦᠯᠵᠦ᠂ ᠳᠡᠭᠡᠳᠦ ᠱᠠᠲᠤᠨ ᠤ ᠪᠡᠯᠡ ᠮᠥᠩᠭᠦ ᠶᠢᠨ ᠳᠡᠮᠵᠢᠯᠭᠡ ᠶᠢ ᠣᠯᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠲᠠᠪᠤᠨ ᠶᠡᠭᠡ ᠡᠭᠦᠷᠭᠡ︾ ᠪᠠ ︽ᠵᠢᠷᠭᠤᠭᠠᠨ ᠢᠨᠵᠧᠨᠧᠷᠢᠩ︾ ᠤᠨ ᠵᠢᠯ ᠤᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠴᠢᠩᠭᠠᠳᠬᠠᠨ᠂ ᠴᠠᠭ ᠮᠥᠴᠡ ᠶᠢ ᠵᠠᠪᠳᠤᠵᠤ ᠡᠯ᠎ᠡ ᠲᠦᠷᠦᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ ᠪᠠᠰᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠪᠠ ᠭᠡᠮ ᠰᠣᠭᠤᠭ ᠢ  ᠪᠠᠶᠢᠴᠠᠭᠠᠨ ᠴᠡᠭᠴᠡᠯᠡᠬᠦ ᠠᠵᠢᠯ ᠳᠤ ᠲᠤᠰᠬᠠᠢ ᠪᠠᠶᠢᠷᠢᠯᠠᠭᠤᠯᠤᠯᠳᠠ ᠬᠢᠵᠡᠢ᠃ ᠰᠤᠮᠤ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号