ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠬᠢᠨ ᠲᠠᠶᠢᠹᠤᠰᠧ ᠬᠤᠰᠢᠭᠤᠨ ᠳᠤ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/7/15
 ᠦᠷᠭᠡᠨ ᠤᠯᠠᠨ ᠺᠠᠳ᠋ᠷᠴᠤᠳ ᠤᠨ ᠮᠠᠯᠵᠢᠬᠤ ᠲᠠᠷᠢᠶᠠᠯᠠᠬᠤ ᠣᠷᠣᠨ ᠢ ᠬᠥᠭᠵᠢᠭᠦᠯᠬᠦ ᠪᠠ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ   ᠲᠡᠭᠡᠭᠰᠢᠯᠡᠬᠦᠯᠬᠦ ᠶᠢᠨ ᠲᠦᠯᠦᠭᠡ᠂ 7 ᠰᠠᠷ᠎ᠠ ᠶᠢᠨ 14 ᠤ ᠡᠳᠦᠷ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠭᠤᠯᠭ᠎ᠠ ᠨᠢ ᠨᠡᠷ᠎ᠡ ᠬᠦᠨᠳᠦᠲᠦ ᠯᠧᠺᠲ᠋ᠤᠷ ᠨᠠᠷ ᠢ ᠵᠣᠬᠢᠶᠠᠨ ᠪᠠᠶᠢᠭᠤᠯᠵᠤ ᠲᠠᠶᠢᠹᠤᠰᠧ ᠬᠤᠰᠢᠭᠤᠨ ᠳᠤ ᠬᠦᠨᠵᠡᠬᠡᠶᠢᠷᠡᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠣᠯᠪᠠᠰᠤᠷᠠᠯ ᠤᠨ ᠠᠩᠭᠢ ᠡᠷᠬᠢᠯᠡᠵᠡᠢ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠯᠪᠠᠰᠤᠷᠠᠯ ᠤᠨ ᠲᠥᠪ ᠤᠨ ᠳᠡᠳ᠋ ᠡᠷᠬᠢᠯᠡᠭᠴᠢ ᠵᠠᠩ ᡁᠢ ᠴᠢᠶᠠᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠰᠦᠨ ᠶᠠᠨ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ ᠪᠣᠯᠪᠠᠰᠤᠷᠠᠯ ᠲᠡᠭᠡᠷ᠎ᠡ᠂  ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠨᠠᠮ ᠤᠨ ᠰᠤᠷᠭᠠᠭᠤᠯᠢ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠠᠮᠢᠶᠠᠷᠤᠯᠲᠠ ᠶᠢᠨ ᠺᠠᠳ᠋ᠷ ᠤᠨ ᠳᠡᠭᠡᠳᠦ ᠰᠤᠷᠭᠠᠭᠤᠯᠢ ᠶᠢᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠰᠤᠳᠤᠯᠭᠠᠨ ᠤ ᠲᠥᠪ ᠤᠨ ᠡᠷᠬᠢᠯᠡᠭᠴᠢ ᠶᠠᠩ ᠳ᠋ᠦᠩ ᠰᠢᠶᠠ ᠠᠴᠠ ︽ᠬᠠᠤᠯᠢᠵᠢᠯ ᠢᠶᠠᠷ ᠬᠥᠳᠡᠭᠡ ᠲᠣᠰᠬᠤᠨ ᠤ ᠵᠠᠰᠠᠯᠳᠠ ᠶᠢᠨ ᠰᠠᠭᠤᠷᠢ ᠶᠢ ᠪᠠᠲᠤᠳᠬᠠᠬᠤ︾ ᠭᠤᠣᠯ ᠰᠡᠳᠦᠪ ᠢ ᠪᠠᠷᠢᠵᠤ᠂ ᠬᠥᠳᠡᠭᠡ ᠲᠣᠰᠬᠤᠨ ᠤ ᠵᠠᠰᠠᠯᠲᠠ ᠶᠢᠨ ︽ᠲᠡᠦᠬᠡ ᠶᠢᠨ ᠤᠯᠠᠷᠢᠯ ᠬᠤᠪᠢᠰᠤᠯ ᠪᠣᠯᠤᠨ ᠳᠡᠯᠡᠬᠡᠢ ᠶᠢᠨ ᠬᠠᠷᠠᠭᠠᠰᠤ᠂ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠥᠷᠢᠰᠥᠯᠳᠦᠭᠡᠨ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠤᠨ ᠲᠤᠮᠳᠠᠬᠢ ︿ᠭᠤᠷᠪᠠᠨ ᠵᠠᠰᠠᠯᠳᠠ﹀ ᠶᠢᠨ ᠬᠠᠷᠢᠴᠠᠭ᠎ᠠ᠂ ᠬᠥᠳᠡᠭᠡ ᠲᠣᠰᠬᠤᠨ ᠤ ᠵᠠᠰᠠᠯᠲᠠ ᠶᠢᠨ ᠳᠤᠮᠳᠠᠬᠢ  ᠬᠠᠤᠯᠢᠵᠢᠯ ᠤᠨ ᠦᠢᠯᠡᠳᠦᠯ︾  ᠵᠡᠷᠭᠡ ᠲᠦᠷᠪᠡᠨ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠭᠰᠡᠨ ᠪᠠᠶᠢᠨ᠎ᠠ᠃ ᠡᠨᠡ ᠤᠳᠠᠭᠠᠨ ᠤ ᠪᠣᠯᠪᠠᠰᠤᠷᠠᠯ ᠨᠢ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠤ᠂ ᠪᠣᠯᠪᠠᠰᠤᠷᠠᠯ ᠳᠤ ᠣᠷᠣᠯᠴᠠᠭᠰᠠᠳ ᠤᠨ ᠦᠵᠡᠯ ᠰᠠᠨᠠᠭ᠎ᠠ ᠶᠢ ᠴᠢᠯᠥᠭᠡᠯᠡᠨ᠂ ᠬᠠᠷᠠᠭ᠎ᠠ ᠰᠡᠳᠬᠢᠴᠡ ᠶᠢ ᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ ᠢ ᠬᠥᠭᠵᠢᠭᠦᠯᠬᠦ ᠪᠠ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠲᠡᠭᠡᠭᠰᠢᠯᠡᠬᠦᠯᠵᠡᠢ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠯᠪᠠᠰᠤᠷᠠᠯ ᠤᠨ ᠲᠥᠪ ᠤᠨ ᠬᠠᠷᠢᠯᠴᠠᠬᠤ ᠭᠠᠵᠠᠷ ᠤᠨ ᠺᠠᠳ᠋ᠷ ᠦ᠋ ᠮᠧᠩ᠂ ᠪᠥᠬᠦ ᠬᠤᠰᠢᠭᠤᠨ ᠤ ᠭᠠᠵᠠᠷ ᠤᠨ ᠲᠠᠰ ᠤᠨ ᠤᠳᠤᠷᠢᠳᠬᠤ ᠺᠠᠳ᠋ᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠺᠠᠳ᠋ᠷ᠂  ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂  ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ ᠪᠠ ᠭᠡᠰᠢᠬᠦᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠦᠢᠯᠡᠰ ᠤᠨ ᠳᠠᠭᠠᠭᠤᠯᠤᠭᠴᠢ  ᠵᠡᠷᠭᠡ 350 ᠭᠠᠷᠤᠶ ᠬᠥᠮᠦᠨ ᠪᠣᠯᠪᠠᠰᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号