ᠴᠢᠶᠠᠨ ᠶᠢᠨ ᠭᠸᠦ ᠪᠠᠯᠭᠠᠰᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/15
 7 ᠰᠠᠷ᠎ᠠ ᠶᠢᠨ 12 ᠤᠨ ᠡᠳᠦᠷ᠂ ᠴᠢᠶᠠᠨ ᠶᠢᠨ ᠭᠸᠤ ᠪᠠᠯᠭᠠᠰᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ  ᠶᠢ ᠪᠠᠷᠢᠮᠳᠠᠯᠠᠨ᠂ ᠠᠵᠢᠯ ᠤᠨ ᠬᠠᠷᠢᠭᠤᠴᠠᠯᠭ᠎ᠠ ᠶᠢ ᠪᠠᠲᠤᠳᠬᠠᠵᠤ᠂ ᠲᠤᠭ᠎ᠠ ᠪᠠᠷᠢᠮᠲᠠ ᠶᠢᠨ ᠵᠥᠪ ᠣᠨᠣᠪᠴᠢᠲᠠᠢ ᠪᠠᠶᠢᠬᠤ ᠶᠢ  ᠪᠠᠳᠤᠯᠠᠨ᠂ ᠠᠵᠢᠯ ᠤᠨ ᠳᠠᠩᠰᠠ ᠡᠪᠬᠡᠮᠡᠯ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠠᠵᠢᠯ ᠡᠭᠦᠷᠭᠡ ᠶᠢ ᠪᠦᠬᠦ ᠬᠦᠴᠦᠨ ᠢᠶᠠᠷ  ᠠᠬᠢᠭᠤᠯᠬᠤ ᠬᠡᠷᠡᠭᠲᠡᠢ᠃ ᠵᠥᠷᠢᠴᠡᠯ ᠵᠢᠭᠤᠷᠠᠭᠠᠨ ᠢ  ᠪᠠᠶᠢᠴᠠᠭᠠᠨ ᠠᠷᠢᠯᠭᠠᠬᠤ ᠠᠵᠢᠯ ᠢ ᠪᠦᠬᠦ ᠬᠦᠴᠦᠨ ᠢᠶᠠᠷ ᠰᠠᠶᠢᠨ ᠠᠳᠬᠤᠵᠤ᠂ ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠬᠥᠮᠦᠰ᠂ ᠴᠢᠬᠤᠯᠠ ᠭᠤᠭᠴᠤᠭ᠎ᠠ ᠳᠤ ᠠᠩᠬᠠᠷᠤᠯ ᠢᠶᠠᠨ ᠲᠦᠪᠯᠡᠷᠡᠬᠦᠯᠦᠨ᠂  ᠵᠦᠷᠢᠴᠡᠯ ᠤᠨ ᠢᠷᠡᠯᠳᠡ ᠶᠢ ᠣᠨᠣᠪᠴᠢᠲᠠᠢ ᠡᠵᠡᠮᠳᠡᠵᠦ᠂ ᠭᠡᠮ ᠰᠣᠭᠤᠭ ᠢ ᠴᠠᠭ ᠲᠤᠬᠠᠢ ᠳᠤᠨᠢ ᠰᠢᠢᠳᠪᠦᠷᠢᠯᠡᠨ᠂ ᠵᠥᠷᠢᠴᠡᠯ ᠵᠢᠭᠤᠷᠠᠭᠠᠨ ᠢ ᠴᠤᠬᠤᠶᠢᠵᠤ ᠭᠠᠷᠤᠮᠠᠭᠴᠠ ᠠᠷᠢᠯᠭᠠᠬᠤ ᠪᠠᠷ ᠴᠢᠷᠮᠠᠶᠢᠬᠤ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ︽ ᠲᠤᠮᠤ ᠲᠡᠷᠭᠡᠨ ᠳᠤ ᠪᠠᠭ᠎ᠠ ᠮᠣᠷᠢ ᠬᠦᠯᠦᠬᠦ︾ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂  ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠨ᠂ ᠨᠠᠷᠢᠨ ᠲᠠᠩᠰᠠ ᠲᠠᠢ ᠬᠠᠷᠢᠴᠠᠭᠤᠯᠤᠨ ᠵᠤᠷᠪᠤᠰ ᠳᠠᠷᠠᠭᠠᠯᠠᠨ ᠡᠮᠬᠢᠯᠡᠵᠦ᠂ ᠡᠯ᠎ᠡ ᠲᠦᠷᠦᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ  ᠬᠡᠮ ᠰᠤᠭᠤᠭ ᠢ ᠠᠷᠢᠯᠭᠠᠨ᠂ ᠭᠠᠳᠠᠨ᠎ᠠ ᠠᠴᠠ ᠢᠷᠡᠵᠦ ᠬᠦᠴᠦᠨ ᠤ ᠠᠵᠢᠯ ᠬᠢᠵᠦ ᠪᠠᠶᠢᠭ᠎ᠠ ᠬᠥᠮᠦᠰ ᠤᠨ ᠪᠠᠶᠢᠴᠠᠭᠠᠯᠳᠠ ᠶᠢ ᠴᠢᠩᠭᠠᠳᠬᠠᠵᠤ᠂ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠵᠤ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠨ ᠬᠢᠵᠦ᠂ ᠪᠠᠴᠢᠮ ᠪᠠᠶᠢᠳᠠᠯ ᠢ ᠠᠷᠭᠠᠴᠠᠬᠤ  ᠠᠷᠭ᠎ᠠ ᠲᠦᠰᠦᠪ  ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠤᠯᠪᠠᠰᠤᠷᠠᠯ ᠪᠠ ᠬᠡᠮ ᠰᠤᠭᠤᠭ ᠤᠨ ᠪᠠᠶᠢᠴᠠᠭᠠᠯᠳᠠ ᠵᠡᠷᠭᠡ ᠭᠤᠤᠯᠳᠠᠯᠭ᠎ᠠ ᠲᠠᠢ ᠠᠵᠢᠯ ᠢ ᠨᠠᠷᠢᠨ ᠨᠢᠮᠪᠠᠢ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠬᠡᠵᠦ ᠱᠠᠭᠠᠷᠳᠠᠪᠠ᠃ ᠬᠤᠷᠠᠯ ᠲᠡᠭᠡᠷ᠎ᠡ ᠪᠠᠰᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠲᠠᠷᠢᠶᠠᠨ ᠭᠠᠵᠠᠷ  ᠤᠨ ᠬᠠᠮᠠᠭᠠᠯᠠᠯᠳᠠ᠂ ᠬᠠᠤᠯᠢ ᠪᠤᠰᠤ ᠪᠠᠷ ᠭᠠᠵᠠᠷ ᠰᠢᠷᠤᠢ ᠬᠡᠷᠡᠭᠯᠡᠬᠦ ᠳᠤ ᠴᠡᠭᠴᠡᠯᠡᠯᠳᠡ ᠬᠢᠬᠦ᠂ ᠮᠤᠳᠤ ᠲᠠᠷᠢᠵᠤ ᠨᠤᠭᠤᠭᠠᠷᠭᠤᠯᠬᠤ᠂ ᠤᠰᠤᠨ ᠤ ᠰᠦᠢᠳᠬᠡᠯ ᠬᠤᠷᠢᠶᠠᠬᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠳᠤ ᠪᠠᠶᠢᠷᠢᠯᠠᠭᠤᠯᠤᠯᠳᠠ ᠬᠢᠵᠡᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号