ᠶᠦᠩ ᠹᠧᠩ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2024/7/15
  7 ᠰᠠᠷ᠎ᠠ ᠶᠢᠨ 12 ᠤᠨ ᠡᠳᠦᠷ  ᠂ ᠶᠦᠩ ᠹᠧᠩ ᠪᠠᠯᠭᠠᠰᠤ 2024 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠵᠢᠴᠢ 7 ᠳ᠋ᠤᠭᠠᠷ ᠰᠠᠷ᠎ᠠ ᠶᠢᠨ ᠠᠵᠢᠯ ᠤᠨ ᠲᠣᠭᠲᠠᠮᠠᠯ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠵᠠᠩ ᠶᠦᠩ ᠯᠢ ᠠᠴᠠ ᠥᠪᠡᠷᠲᠡᠭᠡᠨ ᠵᠠᠰᠠᠬᠤ ᠣᠷᠣᠨ ᠤ ᠲᠤᠰᠬᠠᠢ ᠰᠡᠳᠦᠪᠲᠦ ᠪᠣᠯᠪᠠᠰᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠲᠤᠬᠠᠶᠢᠯᠠᠪᠠᠯ᠂ ᠲᠣᠰᠬᠤᠨ ᠤ ︽ᠬᠤᠶᠠᠷ ᠵᠥᠪᠯᠡᠯ︾  ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠠᠬᠢᠨ ᠶᠠᠳᠠᠭᠤᠷᠠᠬᠤ ᠡᠴᠠ‌‍ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃  ︽ᠠᠷᠪᠠᠨ ᠲᠥᠷᠥᠯ︾ ᠤᠨ ᠭᠤᠤᠯᠳᠠᠯᠭ᠎ᠠ ᠲᠠᠢ ᠬᠥᠮᠦᠰ ᠪᠣᠯᠤᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠨᠠᠷᠢᠨ ᠨᠢᠮᠪᠠᠶ ᠡᠵᠡᠮᠰᠢᠵᠦ᠂ ︽ᠰᠠᠭᠤᠷᠢ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ︾ ᠪᠠᠶᠢᠬᠤ ᠶᠢ ᠪᠡᠶᠡᠯᠡᠬᠦᠯᠦᠨ᠂ ᠣᠷᠣᠯᠭ᠎ᠠ ᠪᠠᠭᠠᠲᠠᠶ ᠬᠥᠮᠦᠰ ᠲᠤ ᠴᠢᠭᠯᠡᠭᠦᠯᠦᠨ ᠪᠦᠳᠦᠮᠵᠢᠳᠡᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂  ᠲᠡᠳᠡᠨ ᠢ ᠬᠠᠪᠰᠤᠷᠤᠨ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠵᠦ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠦᠵᠡᠭᠳᠡᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ ︽ᠭᠤᠷᠪᠠ ᠶᠢ ᠪᠠᠲᠤᠯᠠᠬᠤ︾ ᠪᠠ  ᠤᠰᠤ ᠤᠮᠳᠠ᠂ ᠣᠷᠣᠨ ᠰᠠᠭᠤᠴᠠ  ᠂ ᠰᠤᠷᠭᠠᠨ ᠬᠥᠮᠦᠵᠢᠯ᠂  ᠡᠮ ᠡᠮᠨᠡᠯᠭᠡ᠂ ᠦᠢᠯᠡᠴᠢᠯᠡᠭᠡ᠂ ᠢᠲᠡᠭᠡᠮᠵᠢᠲᠦ ᠵᠢᠭᠡᠯᠡᠯᠭᠡ᠂ ᠦᠨᠳᠦᠰᠦᠨ ᠪᠠᠲᠤᠯᠠᠭ᠎ᠠ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢ ᠰᠠᠶᠢᠳᠤᠷ ᠠᠩᠬᠠᠷᠤᠨ᠂  ᠪᠠᠶᠢᠩᠭᠤ ᠶᠢᠨ ᠴᠢᠨᠠᠷᠳᠠᠢ ᠰᠤᠷᠪᠤᠯᠵᠢᠯᠠᠨ ᠪᠠᠶᠢᠴᠠᠭᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃  ᠬᠠᠷᠢᠭᠤ ᠲᠤᠰᠬᠠᠭᠰᠠᠨ ᠡᠯ᠎ᠡ ᠲᠥᠷᠥᠯ ᠤᠨ ᠠᠰᠠᠭᠤᠳᠠᠯ ᠳᠤ ᠴᠢᠭᠯᠡᠭᠦᠯᠦᠨ᠂ ᠬᠠᠨᠳᠤᠯᠭᠠᠲᠤ ᠴᠢᠨᠠᠷᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠰᠠᠭᠤᠳᠠᠯ ᠳᠠᠬᠢᠨ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号