ᠲᠠᠶᠢᠹᠤᠰᠧ ᠬᠤᠰᠢᠭᠤ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢ ᠪᠠᠶᠢᠭᠤᠯᠵᠤ ᠠᠷᠠᠳ ᠤᠯᠠᠨ ᠤ ᠡᠷᠡᠬᠦᠯ ᠮᠡᠨᠳᠦ ᠶᠢ ᠪᠠᠳᠤᠯᠠᠨ᠎ᠠ
ᠨᠡᠶᠢᠲᠡᠯᠡᠭᠰᠡᠨ ᠴᠠᠭ᠄
2024/7/19
 7 ᠰᠠᠷ᠎ᠠ ᠶᠢᠨ 14 ᠤ ᠡᠳᠦᠷ ᠂ ᠴᠢᠭᠤᠯᠤᠯᠳᠤ ᠬᠠᠭᠠᠯᠭ᠎ᠠ ᠬᠤᠳᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠨᠢ ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠵᠢᠩᠬᠢᠨᠢ ᠪᠠᠷ ᠬᠠᠮᠲᠤᠷᠠᠨ ᠠᠵᠢᠯᠯᠠᠬᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂   ᠴᠢᠭᠤᠯᠤᠯᠳᠤ ᠬᠠᠭᠠᠯᠭ᠎ᠠ ᠶᠢᠨ ᠬᠤᠳᠠ ᠶᠢᠨ ᠲᠦᠷᠪᠡᠳᠤᠬᠡᠷ ᠡᠮᠨᠡᠯᠭᠡ ᠶᠢᠨ ᠬᠤᠷᠢᠶᠠᠨ ᠲᠠᠶᠢᠹᠤᠰᠧ ᠬᠤᠰᠢᠭᠤᠨ ᠳᠠᠬᠢ ᠨᠢᠳᠦᠨ ᠤ ᠡᠮᠨᠡᠯᠭᠡ ᠶᠢᠨ ᠲᠦᠪ ᠢ ᠪᠠᠶᠢᠭᠤᠯᠪᠠ᠃ ᠡᠨᠡ ᠤᠳᠠᠭᠠᠨ ᠤ ᠬᠠᠮᠲᠤᠷᠠᠯᠴᠠᠭ᠎ᠠ ᠨᠢ ᠬᠤᠶᠠᠷ ᠲᠠᠯ᠎ᠠ ᠪᠠᠷ ᠢᠶᠠᠨ ᠡᠮᠨᠡᠯᠭᠡ ᠶᠢᠨ ᠦᠢᠯᠡᠴᠢᠯᠡᠭᠡᠨ ᠤ ᠲᠠᠯᠠᠪᠠᠷ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠢ ᠬᠠᠷᠠᠭᠤᠯᠵᠤ᠂  ᠣᠷᠣᠨ ᠨᠤᠳᠤᠭ ᠤᠨ ᠡᠮᠴᠢᠯᠡᠭᠡᠨ ᠤ ᠡᠬᠢ ᠪᠠᠶᠠᠯᠢᠭ ᠢ ᠬᠠᠮᠳᠤᠳᠬᠠᠬᠤ ᠪᠠ ᠰᠢᠯᠢᠳᠡᠭᠵᠢᠭᠦᠯᠬᠦ ᠶᠢ ᠴᠢᠨᠠᠭᠰᠢᠳᠠ ᠠᠬᠢᠭᠤᠯᠤᠭᠰᠠᠨ ᠪᠠᠶᠢᠨ᠎ᠠ᠃ ᠳᠥᠷᠪᠡᠳᠦᠭᠡᠷ ᠡᠮᠨᠡᠯᠭᠡ ᠶᠢᠨ ᠬᠤᠷᠢᠶ᠎ᠠ ᠨᠢ ᠭᠤᠷᠪᠠᠳᠤᠭᠠᠷ ᠳᠡᠰ ᠤᠨ ᠨᠢᠳᠦᠨ ᠤ ᠡᠮᠨᠡᠯᠭᠡ ᠶᠢᠨ ᠬᠤᠷᠢᠶᠠᠨ ᠤ ᠮᠡᠷᠭᠡᠵᠢᠯ ᠤᠨ ᠳᠠᠪᠠᠭᠤᠯᠢᠭ᠂ ᠬᠠᠮᠢᠶᠠᠷᠤᠯᠲᠠ ᠶᠢᠨ ᠳᠠᠪᠠᠭᠤᠯᠢᠭ ᠪᠠ ᠲᠤᠰᠬᠠᠢ ᠮᠡᠷᠭᠡᠵᠢᠯ᠂ ᠴᠢᠳᠠᠪᠤᠷᠢᠲᠠᠨ ᠤ ᠡᠬᠢ ᠪᠠᠶᠠᠯᠢᠭ ᠢᠶᠠᠨ ᠠᠰᠢᠭᠯᠠᠵᠤ᠂  ᠨᠢᠳᠦᠨ ᠤ ᠰᠠᠯᠠᠭᠠᠨ ᠤ ᠲᠤᠰᠬᠠᠢ ᠮᠡᠷᠭᠡᠵᠢᠯᠲᠡᠨ ᠢ ᠲᠤᠭᠳᠠᠮᠠᠯ ᠬᠤᠭᠤᠴᠠᠭ᠎ᠠ ᠲᠠᠢ ᠪᠠᠷ ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠢᠷᠡᠭᠦᠯᠵᠦ᠂  ᠡᠮᠨᠡᠯᠬᠡ ᠵᠠᠰᠠᠯ ᠪᠠ ᠬᠦᠴᠢᠷ ᠲᠦᠪᠡᠭᠲᠡᠢ ᠡᠪᠡᠳᠴᠢᠨ ᠢ ᠬᠠᠮᠲᠤᠷᠠᠨ ᠣᠨᠣᠰᠢᠯᠠᠬᠤ ᠠᠵᠢᠯ ᠳᠤ ᠤᠷᠤᠯᠴᠠᠭᠤᠯᠬᠤ ᠶᠢᠨ ᠬᠠᠮᠳᠤ᠂ ᠮᠡᠳᠡᠭᠡ ᠵᠠᠩᠬᠢ ᠶᠢᠨ ᠲᠠᠪᠴᠠᠩ ᠢ ᠠᠰᠢᠭᠯᠠᠨ ᠠᠯᠤᠰ ᠠᠴᠠ ᠬᠠᠮᠲᠤᠷᠠᠨ ᠡᠮᠴᠢᠯᠡᠬᠦ ᠵᠡᠷᠭᠡ ᠠᠵᠢᠯ ᠢ ᠥᠷᠨᠢᠭᠦᠯᠵᠦ᠂ ᠴᠢᠳᠠᠪᠤᠷᠢᠲᠠᠨ ᠬᠥᠮᠥᠵᠢᠭᠦᠯᠬᠦ ᠲᠥᠯᠥᠪᠯᠡᠭᠡ ᠶᠢ ᠲᠣᠭᠲᠠᠭᠠᠨ᠂ ︽ᠴᠢᠰᠤ ᠶᠡᠭᠦᠯᠡᠬᠦ︾ ᠪᠠ ︽ᠴᠢᠰᠤ ᠪᠦᠲᠦᠭᠡᠬᠦ︾ ᠶᠢ ᠤᠶᠠᠯᠳᠤᠭᠤᠯᠬᠤ ᠠᠷᠭ᠎ᠠ ᠪᠠᠷ ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠢᠳᠦᠨ ᠤ ᠰᠠᠯᠠᠭᠠᠨ ᠤ ᠡᠮᠴᠢᠯᠡᠭᠡᠨ ᠤ ᠮᠡᠷᠭᠡᠵᠢᠯ᠂ ᠦᠢᠯᠡᠴᠢᠯᠡᠭᠡᠨ ᠤ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠶᠢᠹᠤᠰᠧ ᠬᠤᠰᠢᠭᠤ ᠵᠢᠴᠢ ᠤᠶᠢᠷ᠎ᠠ ᠬᠠᠪᠢ ᠶᠢᠨ ᠬᠤᠰᠢᠭᠤ ᠰᠢᠶᠠᠨ ᠤ ᠠᠷᠠᠳ ᠢᠷᠭᠡᠳ ᠤᠨ ᠡᠪᠡᠳᠴᠢᠨ ᠦᠵᠡᠭᠦᠯᠬᠦ ᠬᠡᠷᠡᠭᠴᠡᠭᠡ ᠶᠢ  ᠤᠯᠠᠮ ᠰᠠᠶᠢᠨ ᠬᠠᠩᠭᠠᠬᠤ  ᠪᠤᠯᠤᠨ᠎ᠠ᠃ ᠲᠤᠰ ᠡᠳᠦᠷ ᠳᠥᠷᠪᠡᠳᠦᠭᠡᠷ ᠡᠮᠨᠡᠯᠭᠡ ᠶᠢᠨ ᠬᠤᠷᠢᠶᠠᠨ ᠤ ᠨᠢᠳᠦᠨ  ‍ᠤ‌‍ᠰᠠᠯᠠᠭᠠᠨ ᠤ ᠲᠤᠰᠬᠠᠶ ᠮᠡᠷᠭᠡᠵᠢᠯᠲᠡᠨ ᠤ ᠪᠦᠯᠬᠦᠮ ᠨᠢ ᠪᠠᠰᠠ  ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠬᠦᠯᠵᠡᠢ᠃ ᠴᠢᠭᠤᠯᠤᠯᠲᠤ ᠬᠠᠭᠠᠯᠭ᠎ᠠ ᠬᠤᠲᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠷᠢᠶᠠᠨ ᠳᠠᠷᠤᠭ᠎ᠠ ᠵᠧᠩ ᠽᠢ ᠯᠸᠢ᠂ ᠳᠡᠳ᠋ ᠬᠤᠷᠢᠶᠠᠨ ᠳᠠᠷᠤᠭ᠎ᠠ ᠯᠢᠦ ᠵᠢᠶᠠᠨ ᠵᠢᠴᠢ  ᠲᠠᠶᠢᠹᠤᠰᠧ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠷᠠᠳ ᠤᠨ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠤᠨ ᠭᠡᠰᠢᠬᠦᠳ᠂ ᠪᠦᠬᠦ ᠬᠤᠰᠢᠭᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠬᠠᠷᠢᠭᠤᠴᠠᠯᠭᠠᠳᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号