ᠭᠦᠨᠪᠤᠯᠠᠭ ᠰᠤᠮᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠤᠨ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/7/19
 7 ᠰᠠᠷ᠎ᠠ ᠶᠢᠨ 11 ᠤ ᠡᠳᠦᠷ᠂ ᠭᠦᠨᠪᠤᠯᠠᠭ ᠰᠤᠮᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠤ ᠤᠷᠤᠯᠴᠠᠭᠰᠠᠨ ᠪᠥᠬᠦ ᠠᠷᠠᠳ ᠤᠨ ᠲᠥᠯᠥᠭᠡᠯᠡᠭᠴᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠤᠨ ᠲᠤᠰᠬᠠᠶ ᠰᠡᠳᠦᠪᠲᠦ ᠪᠣᠯᠪᠠᠰᠤᠷᠠᠯ ᠳᠤ ᠤᠷᠤᠯᠴᠠᠵᠠᠢ᠃ ᠪᠤᠯᠪᠠᠰᠤᠷᠠᠯ ᠳᠡᠭᠡᠷ᠎ᠡ᠂  ᠰᠤᠮᠤᠨ ᠤ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠴᠢᠮᠡᠭᠰᠡᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠳᠠᠭᠠᠭᠤᠯᠤᠨ ᠰᠤᠷᠤᠯᠴᠠᠵᠤ᠂ ︽ᠲᠦᠷᠢᠮ︾ ᠢ ᠨᠡᠶᠢᠲᠡᠯᠡᠭᠰᠡᠨ ᠠᠬᠤᠶ ᠪᠠᠶᠢᠳᠠᠯ᠂ ᠠᠴᠢ ᠬᠤᠯᠪᠣᠭᠳᠠᠯ  ᠠᠭᠤᠯᠭ᠎ᠠ ᠪᠠ ᠲᠤᠷᠠᠶᠢᠮ᠎ᠠ ᠴᠡᠭ ᠵᠡᠷᠭᠡ ᠳᠤ ᠨᠠᠷᠢᠨ ᠲᠠᠶᠢᠯᠤᠮᠵᠢ  ᠬᠢᠭᠰᠡᠨ ᠪᠦᠭᠡᠳ ᠠᠷᠠᠳ ᠤᠨ ᠲᠥᠯᠥᠭᠡᠯᠡᠭᠴᠢᠳ ᠡᠷᠭᠡᠪᠰᠢ ︽ᠲᠦᠷᠢᠮ︾ ᠢ ᠰᠤᠷᠤᠯᠴᠠᠨ ᠲᠤᠤᠱᠯᠠᠭᠤᠯᠬᠤ ᠶᠢ ᠦᠵᠡᠯ ᠰᠠᠨᠠᠭ᠎ᠠ ᠪᠠ ᠦᠢᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠤᠬᠠᠭᠤᠯᠭ᠎ᠠ ᠵᠢᠯᠤᠭᠤᠳᠯᠭ᠎ᠠ ᠶᠢᠨ ᠠᠵᠢᠯ ᠢ ᠰᠠᠶᠢᠨ ᠬᠢᠵᠦ᠂ ᠰᠤᠮᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ ᠢᠳᠡᠪᠬᠢᠲᠡᠶ ᠪᠠᠷ ᠰᠠᠨᠠᠯ ᠰᠠᠨᠠᠭᠤᠯᠭ᠎ᠠ ᠲᠤᠷᠠᠳᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠬᠦᠨᠳᠦᠳᠬᠡᠬᠦ᠂ ᠪᠦᠯᠬᠦᠮᠳᠡᠨ ᠬᠠᠪᠰᠤᠷᠤᠯᠴᠠᠬᠤ ᠶᠢ ᠠᠬᠢᠭᠤᠯᠵᠤ᠂  ᠠᠮᠤᠷ ᠲᠣᠭᠲᠠᠭᠤᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ ᠡᠨᠡ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠢᠶᠠᠷ ᠲᠠᠮᠵᠢᠭᠠᠳ᠂  ᠠᠷᠠᠳ ᠤᠨ ᠲᠥᠯᠥᠭᠡᠯᠡᠭᠴᠢᠳ ᠤᠨ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠪᠠ ᠦᠨᠳᠦᠰᠦᠲᠡᠨ ᠤ ᠬᠠᠤᠯᠢ ᠪᠠᠷ ᠵᠠᠰᠠᠬᠤ ᠬᠠᠮᠢᠶ᠎ᠠ ᠪᠥᠬᠦᠶ ᠮᠡᠳᠡᠯᠭᠡ ᠶᠢᠨ ᠲᠤᠬᠠᠶ ᠲᠠᠨᠢᠯᠲᠠ ᠶᠢ ᠨᠡᠩ ᠬᠦᠨᠵᠡᠬᠡᠶᠢᠷᠡᠬᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠦᠨᠳᠦᠰᠦᠲᠡᠨ ᠤ ᠬᠠᠤᠯᠢ ᠪᠠᠷ ᠵᠠᠰᠠᠬᠤ ᠤᠬᠠᠮᠰᠠᠷ ᠢ ᠤᠯᠠᠮ ᠴᠢᠩᠭᠠᠷᠠᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠦᠨᠪᠤᠯᠠᠭ ᠰᠤᠮᠤᠨ ᠤ ᠬᠢᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠤᠯᠠᠮ ᠡᠷᠴᠢᠮᠳᠡᠢ ᠦᠷᠨᠢᠬᠦᠯᠵᠦ᠂  ᠦᠨᠳᠦᠰᠦᠲᠡᠨ ᠤ ᠪᠦᠯᠬᠦᠮᠳᠡᠯ ᠤᠨ ᠭᠤᠤᠯ ᠬᠥᠭ ᠠᠶᠠᠰ ᠢ ᠴᠤᠤᠷᠢᠶᠠᠳᠤᠭᠤᠯᠤᠨ᠂ ︽ᠦᠨᠳᠦᠰᠦᠲᠡᠨ ᠨᠦᠭᠦᠳ ᠨᠢᠭᠡ ᠬᠡᠷ ᠤᠨ ᠬᠢᠨ ᠮᠡᠳᠦ ᠪᠦᠯᠬᠦᠮᠳᠡᠨ ᠨᠢᠬᠳᠠᠷᠠᠭᠰᠠᠨ ︾ ᠠᠭᠤᠷ ᠠᠮᠢᠰᠬᠤᠯ ᠢ ᠪᠣᠶ ᠪᠤᠯᠭᠠᠬᠤ ᠪᠠᠷ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号