ᠲᠠᠶᠢᠹᠦᠰᠧ ᠬᠤᠰᠢᠭᠤᠨ ᠤ ᠬᠢᠨ ᠦᠨᠢᠷ ᠰᠦᠷᠦᠭ ᠤᠨ ᠰᠢᠯᠭᠠᠷᠠᠭᠤᠯᠤᠯᠳᠠ ᠳᠤ ᠰᠢᠯᠢᠳᠡᠭ ᠪᠦᠲᠦᠮᠵᠢ ᠤᠯᠤᠯ᠎ᠠ
ᠨᠡᠶᠢᠲᠡᠯᠡᠭᠰᠡᠨ ᠴᠠᠭ᠄
2024/7/22
  ︽ᠲᠠᠯ᠎ᠠ ᠨᠤᠲᠤᠭ ᠤᠨ ᠨᠠᠨᠳᠢᠨ ᠪᠤᠯᠵᠤᠭ᠎ᠠ ·  ᠲᠠᠩᠰᠤᠭ ᠨᠠᠭᠠᠳᠤᠮ ᠤᠨ ᠪᠠᠶᠠᠷᠳᠤ ᠵᠤᠯᠭᠠᠯᠳᠠ︾  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠰᠢᠷᠢᠰ  ᠠᠵᠢᠯᠯᠠᠭᠠᠨ ᠤ ᠨᠢᠭᠡ  ᠪᠤᠯᠬᠤ ᠰᠢᠯᠢ ᠶᠢᠨ ᠭᠤᠣᠯ ᠠᠶᠢᠮᠠᠭ ᠤᠨ 19 ᠳ᠋ᠦ᠋ᠭᠡᠷ ᠬᠤᠭᠤᠴᠠᠭᠠᠨ ᠤ ᠦᠨᠢᠷ ᠰᠦᠷᠦᠭ ᠤᠨ ᠰᠢᠯᠭᠠᠷᠠᠭᠤᠯᠤᠯᠳᠠ 7 ᠰᠠᠷ᠎ᠠ ᠶᠢᠨ 15 ᠤ ᠡᠳᠦᠷ ᠲᠡᠭᠦᠰᠪᠡ᠃  ᠡᠨᠡ ᠤᠳᠠᠭᠠᠨ ᠤ ᠰᠢᠯᠭᠠᠷᠠᠭᠤᠯᠤᠯᠳᠠ ᠳᠤ ᠲᠠᠶᠢᠪᠤᠰᠧ ᠬᠤᠰᠢᠭᠤᠨ ᠤ ᠬᠢᠨ 6 ᠰᠢᠮᠧᠨᠲ᠋ᠠᠷ ᠲᠤᠭᠤᠯ᠂  6 ᠬᠤᠸᠠᠰᠢ ᠲᠤᠭᠤᠯ᠂ 2 ᠮᠣᠩᠭᠤᠯ ᠮᠣᠷᠢ ᠤᠷᠤᠯᠴᠠᠭᠰᠠᠨ ᠪᠠᠶᠢᠨ᠎ᠠ᠃ ᠬᠤᠶᠠᠷ ᠡᠳᠦᠷ ᠤᠨ ᠰᠢᠯᠭᠠᠷᠠᠭᠤᠯᠤᠯᠲᠠ ᠪᠠᠷ ᠲᠠᠮᠵᠢᠭᠠᠳ᠂  ᠯᠦᠸᠧ ᠲᠦᠸᠧ ᠱᠠᠨ ᠪᠠᠯᠭᠠᠰᠤᠨ ᠤ ᠭᠤᠸᠠᠨ ᠮᠠ ᠭᠸᠦ ᠲᠣᠰᠬᠤᠨ ᠤ ᠵᠠᠩ ᠯᠠᠶ ᠾᠧᠩ ᠤᠨ ᠭᠤᠷᠪᠠᠨ ᠲᠤᠭᠤᠯ ᠨᠢ ᠬᠤᠸᠠᠰᠢ ᠦᠬᠢᠨ ᠲᠤᠭᠤᠯ ᠤᠨ ᠨᠢᠭᠡᠳᠦᠭᠡᠷ ᠳᠡᠰ ᠪᠠ ᠭᠤᠷᠪᠠᠳᠤᠭᠠᠷ ᠲᠡᠰ᠂ ᠬᠤᠸᠠᠰᠢ ᠦᠬᠢᠨ ᠲᠤᠭᠤᠯ ᠤᠨ ᠬᠤᠶᠠᠳᠤᠭᠠᠷ ᠳᠡᠰ ᠲᠤ ᠲᠤᠰᠪᠤᠷᠢ ᠰᠢᠯᠭᠠᠷᠠᠵᠤ᠂ ᠪᠤᠤᠴᠠᠩ ᠪᠠᠯᠭᠠᠰᠤᠨ ᠤ ᠳ᠋ᠠ ᠱᠠᠨ ᠭᠸᠦ ᠲᠣᠰᠬᠤᠨ ᠤ ᠵᠣᠣ ᡁᠢ ᠵᠢᠶᠦ᠋ᠨ ᠤ  ᠲᠤᠭᠤᠯ ᠨᠢ ᠰᠢᠮᠧᠨᠲ᠋ᠠᠷ ᠡᠷ᠎ᠡ ᠲᠤᠭᠤᠯ ᠤᠨ ᠭᠤᠷᠪᠠᠳᠤᠭᠠᠷ ᠳᠡᠰ ᠲᠤ ᠲᠤᠳᠤᠷᠠᠵᠠᠢ᠃    ᠤᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤ ᠨᠢ ᠠᠮᠢ ᠠᠬᠤᠢ ᠶᠢ ᠲᠡᠷᠢᠭᠦᠨ ᠳᠤ ᠲᠠᠯᠪᠢᠭᠰᠠᠨ ᠪᠣᠬᠢᠷᠲᠤᠯ ᠦᠬᠡᠢ ᠭᠦᠢᠭᠵᠢᠯᠳᠠ ᠪᠠᠷ ᠵᠢᠯᠣᠭᠤᠳᠤᠮᠵᠢ ᠪᠤᠯᠭᠠᠵᠤ᠂ ᠪᠦᠭᠦ  ᠬᠤᠰᠢᠭᠤᠨ ᠤ ᠮᠠᠯ ᠠᠵᠣ ᠠᠬᠤᠢ ᠶᠢᠨ ᠬᠦᠭᠵᠢᠯᠳᠡ ᠶᠢᠨ  ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠨ  ᠂ ᠮᠠᠯᠴᠢᠨ ᠲᠠᠷᠢᠶᠠᠴᠢᠳ ᠢ ᠵᠢᠯᠣᠭᠤᠳᠴᠤ ᠪᠠᠶᠢᠭᠠᠳ  ᠨᠠᠷᠢᠯᠢᠬᠵᠢᠭᠰᠠᠨ ᠮᠠᠯᠵᠢᠯ ᠤᠨ ᠰᠢᠨ᠎ᠡ ᠵᠠᠮ ᠢᠶᠠᠷ ᠵᠠᠮᠨᠠᠭᠤᠯᠵᠤ᠂ ᠰᠢᠮᠧᠨᠲ᠋ᠠᠷ  ᠦᠬᠡᠷ᠂  ᠬᠤᠸᠠᠰᠢ ᠦᠬᠡᠷ ᠤᠨ ᠭᠤᠤᠯᠳᠠᠯᠭᠠᠳᠤ ᠰᠦᠷᠦᠭ   ᠢ ᠪᠤᠢ ᠪᠤᠯᠭᠠᠨ᠂ ᠲᠡᠵᠢᠬᠡᠨ ᠦᠷᠡᠵᠢᠬᠦᠯᠬᠦ ᠰᠢᠰᠲ᠋ᠧᠮ ᠤᠨ ᠪᠠᠶᠢᠭᠤᠯᠤᠯᠳᠠ  ᠶᠢ ᠲᠠᠰᠤᠷᠠᠯᠲᠠ ᠦᠬᠡᠢ ᠴᠢᠩᠭᠠᠳᠬᠠᠨ ᠲᠡᠬᠦᠯᠳᠡᠷᠵᠢᠬᠦᠯᠵᠦ ᠢᠷᠡᠭᠰᠡᠨ ᠪᠠᠶᠢᠨ᠎ᠠ᠃ ᠤᠳᠤ ᠪᠥᠬᠦ ᠬᠤᠰᠢᠭᠤᠨ ᠳᠤ ᠬᠤᠸᠠᠰᠢ ᠦᠬᠡᠷ ᠤᠨ ᠭᠤᠤᠯᠳᠠᠯᠭᠠᠳᠤ  ᠰᠦᠷᠦᠭ  6  ᠂  ᠰᠢᠮᠧᠨᠲ᠋ᠠᠷ ᠦᠬᠡᠷ ᠤᠨ ᠭᠤᠤᠯᠳᠠᠯᠭᠠᠳᠤ  ᠰᠦᠷᠦᠭ 33 ᠪᠠᠶᠢᠵᠤ᠂  ᠬᠤᠸᠠᠰᠢ ᠦᠨᠢᠶ᠎ᠡ 332᠂  ᠰᠢᠮᠧᠨᠲ᠋ᠠᠷ ᠦᠨᠢᠶ᠎ᠡ 2700 ᠲᠣᠯᠣᠭᠠᠶ ᠶᠢ ᠮᠠᠯᠵᠢᠵᠤ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号