ᠲᠠᠶᠢᠹᠤᠰᠧ ᠬᠤᠰᠢᠭᠤ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ︾ ᠶᠢ ᠬᠥᠳᠡᠭᠡ ᠲᠣᠰᠬᠤᠨ ᠳᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/7/22
  ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠂  ᠠᠷᠠᠳ ᠢᠷᠭᠡᠳ ᠤᠨ ᠬᠠᠤᠯᠢ  ᠶᠢᠨ ᠤᠬᠠᠮᠰᠠᠷ ᠪᠠ  ᠬᠠᠤᠯᠢᠵᠢᠯ ᠤᠨ ᠦᠵᠡᠯᠲᠡ ᠶᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 19 ᠤ ᠡᠳᠦᠷ ᠪᠤᠤᠴᠠᠩ ᠪᠠᠯᠭᠠᠰᠤ ᠨᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ᠦ᠋ ᠹᠦ᠋ ᠲᠣᠰᠬᠤᠨ ᠳᠤ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ︾ ᠶᠢ ᠬᠥᠳᠡᠭᠡ ᠲᠣᠰᠬᠤᠨ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠡᠢ᠃ ᠬᠤᠰᠢᠭᠤ ᠱᠠᠳᠤᠨ ᠤ ᠠᠷᠠᠳ ᠤᠨ ᠲᠥᠯᠥᠭᠡᠯᠡᠭᠴᠢ᠂  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠪᠠᠷ ᠵᠠᠰᠠᠬᠤ ᠵᠦᠪᠯᠡᠯ ᠤᠨ ᠭᠡᠰᠢᠭᠦᠨ ᠯᠢᠦ ᠵᠢᠶᠦ᠋ᠨ ᠹᠧᠢ ᠠᠴᠠ ᠠᠮᠢᠳᠤᠯᠢᠭ ᠬᠡᠷᠡᠭ ᠤᠨ ᠵᠢᠱᠢᠶ᠎ᠡ ᠶᠢ ᠶᠠᠷᠢᠬᠤ ᠪᠠᠷ ᠲᠠᠮᠵᠢᠨ  ᠲᠣᠰᠬᠤᠨ ᠤ ᠠᠷᠠᠳ ᠲᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠭᠤᠣᠯ ᠠᠭᠤᠯᠭ᠎ᠠ᠂ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠣᠳᠣᠷᠬᠠᠶᠢᠯᠠᠨ ᠥᠭᠦᠯᠡᠵᠦ᠂ ᠦᠨᠳᠦᠰᠦᠨ ᠱᠠᠲᠤᠨ ᠤ ᠤᠯᠠᠨ ᠲᠦᠮᠡᠨ ᠤ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠲᠤᠬᠠᠢ ᠲᠠᠨᠢᠯᠲᠠ ᠪᠣᠯᠤᠨ ᠣᠶᠢᠯᠠᠭᠠᠯᠲᠠ ᠶᠢ ᠭᠦᠨᠵᠡᠭᠡᠶᠢᠷᠡᠭᠦᠯᠪᠡ᠃ ᠡᠨᠡ ᠬᠤᠭᠤᠴᠠᠭᠠᠨ ᠳᠤ᠂ ᠠᠵᠢᠯᠲᠠᠳ ᠠᠴᠠ ᠪᠠᠰᠠ ᠠᠬᠤᠢ ᠲᠠᠯᠠᠪᠠᠶ ᠶᠢᠨ ᠣᠯᠠᠨ ᠲᠦᠮᠡᠨ ᠳᠤ ᠭᠠᠵᠠᠷ ᠰᠢᠷᠣᠶ ᠶᠢᠨ ᠳᠠᠭᠠᠭᠠᠴᠢᠯᠠᠯᠲᠠ᠂ ᠤᠷᠤᠭ ᠬᠡᠷ ᠪᠦᠯᠢ᠂ ᠠᠷᠠᠳ ᠤᠨ ᠬᠤᠭᠤᠷᠣᠨᠳᠣᠬᠢ ᠵᠢᠭᠡᠯᠡᠯᠭᠡ ᠵᠡᠷᠭᠡ ᠠᠰᠠᠭᠤᠳᠠᠯ ᠤᠨ ᠲᠠᠯᠠᠪᠠᠷ ᠲᠤᠰᠬᠠᠶ ᠮᠡᠷᠭᠡᠵᠢᠯ ᠤᠨ ᠵᠢᠯᠤᠭᠤᠳᠤᠯᠭ᠎ᠠ ᠬᠠᠩᠭᠠᠵᠤ᠂ ᠬᠠᠤᠯᠢ ᠴᠠᠭᠠᠵᠠ ᠶᠢᠨ ᠰᠠᠨᠠᠭᠤᠯᠭ᠎ᠠ ᠥᠭᠭᠦᠭᠰᠡᠨ ᠪᠦᠭᠡᠳ ᠣᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠢ᠃ ᠳᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠤᠯᠠᠨ ᠵᠦᠢᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠥᠳᠡᠭᠡ ᠲᠣᠰᠬᠤᠨ ᠳᠤ ᠦᠨᠳᠦᠰᠦᠯᠡᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号