ᠲᠠᠶᠢᠹᠤᠰᠧ ᠬᠤᠰᠢᠭᠤᠨ ᠤ ᠬᠢᠨ ᠠᠬᠠᠮᠠᠳ ᠺᠠᠳ᠋ᠷᠴᠤᠳ ᠤᠨ ᠴᠢᠴᠢᠭᠦᠷ ᠪᠥᠮᠪᠦᠭᠡ ᠶᠢᠨ ᠤᠷᠤᠯᠳᠤᠭᠠᠨ ᠡᠷᠬᠢᠯᠡᠭᠰᠡᠨ
ᠨᠡᠶᠢᠲᠡᠯᠡᠭᠰᠡᠨ ᠴᠠᠭ᠄
2024/7/22
 7 ᠰᠠᠷ᠎ᠠ ᠶᠢᠨ 16 ᠤ ᠡᠳᠦᠷ ᠠᠴᠠ 18 ᠤ ᠡᠳᠦᠷ ᠬᠦᠷᠳᠡᠯ᠎ᠡ᠂  ᠲᠠᠶᠢᠹᠤᠰᠧ ᠬᠤᠰᠢᠭᠤᠨ ᠤ ᠳᠥᠷᠪᠡᠳᠦᠭᠡᠷ ᠬᠤᠭᠤᠴᠠᠭᠠᠨ ᠤ ︽ᠠᠬᠠᠮᠠᠳ ᠺᠠᠳ᠋ᠷ ᠬᠤᠨᠳᠠᠭᠠᠲᠤ︾  ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠴᠢᠴᠢᠭᠦᠷ ᠪᠥᠮᠪᠦᠭᠡ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠵᠤ᠂ ᠪᠥᠬᠦ ᠬᠤᠰᠢᠭᠤᠨ ᠤ ᠴᠢᠴᠢᠭᠦᠷ ᠪᠥᠮᠪᠥᠭᠡᠨ ᠳᠤ ᠪᠠᠭ᠋ᠠᠲᠠᠶ ᠨᠠᠶᠠᠭᠠᠳ ᠨᠡᠷ᠎ᠡ ᠠᠬᠠᠮᠠᠳ ᠺᠠᠳ᠋ᠷ ᠠᠵᠢᠯᠳᠠᠨ ᠤᠷᠤᠯᠳᠤᠭᠠᠨ ᠳᠤ ᠣᠷᠣᠯᠴᠠᠪᠠ᠃  ᠤᠷᠤᠯᠳᠤᠭᠠᠨ ᠢ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ ᠠᠴᠠ ᠭᠤᠤᠯᠯᠠᠨ ᠡᠷᠭᠢᠯᠡᠵᠦ᠂ ᠲᠠᠶᠢᠹᠤᠰᠧ ᠬᠤᠰᠢᠭᠤᠨ ᠤ ᠴᠢᠴᠢᠭᠦᠷ ᠪᠥᠮᠪᠦᠭᠡ ᠶᠢᠨ ᠨᠡᠶᠢᠭᠡᠮᠯᠢᠭ᠂ ᠪᠤᠤᠴᠠᠩ ᠪᠠᠯᠭᠠᠰᠤᠨ ᠤ ᠳ᠋ᠦᠩ ᠵᠢᠶᠤᠤ ᠨᠡᠶᠢᠭᠡᠮ ᠲᠣᠭᠤᠷᠢᠭ ᠠᠴᠠ ᠬᠠᠮᠵᠢᠨ ᠡᠷᠬᠢᠯᠡᠵᠡᠢ᠃ ᠡᠨᠡ ᠤᠳᠠᠭᠠᠨ ᠤ ᠴᠢᠴᠢᠭᠦᠷ ᠪᠥᠮᠪᠦᠭᠡ ᠶᠢᠨ ᠤᠷᠤᠯᠳᠤᠭᠠᠨ ᠨᠢ ᠬᠤᠪᠢ ᠬᠥᠮᠦᠨ ᠤ ᠤᠷᠤᠯᠳᠤᠭᠠᠨ ᠪᠠ ᠬᠠᠮᠲᠤ ᠶᠢᠨ ᠤᠷᠤᠯᠳᠤᠭᠠᠨ ᠬᠡᠵᠦ ᠬᠤᠪᠢᠶᠠᠨ᠂ ᠨᠥᠬᠦᠷᠰᠡᠭ ᠰᠠᠶᠢᠬᠠᠨ᠂ ᠪᠠᠶᠠᠷ ᠪᠠᠶᠠᠰᠤᠯ ᠲᠠᠢ ᠠᠭᠤᠷ ᠠᠮᠢᠰᠬᠤᠯ ᠤᠨ ᠳᠤᠮᠳᠠ ᠶᠠᠪᠤᠭᠳᠠᠭᠠᠳ᠂ ᠠᠬᠠᠮᠠᠳ ᠺᠠᠳ᠋ᠷ ᠠᠵᠢᠯᠳᠠᠨ ᠤ ᠡᠷᠡᠭᠦᠯ ᠥᠭᠡᠳᠡᠷᠬᠡᠭ ᠤᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠵᠤ᠂ ᠨᠠᠰᠤᠲᠠᠶᠢᠴᠤᠳ ᠤᠨ ᠰᠣᠶᠣᠯ ᠲᠠᠮᠢᠷ ᠤᠨ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠲᠠᠶᠢᠴᠢᠯᠠᠨ᠂ ︽ ᠦᠳᠡᠯᠪᠡᠴᠦ ᠬᠢᠳᠡᠯ ᠲᠠᠢ︾᠂ ︽ᠦᠳᠡᠯᠪᠡᠴᠦ ᠪᠠᠶᠠᠷ ᠲᠠᠢ︾ ᠪᠠᠶᠢᠬᠤ ᠶᠢ ᠦᠨᠡᠨᠬᠦ ᠪᠡᠶᠡᠯᠡᠭᠦᠯᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号