ᠬᠠᠤᠯᠢ ᠪᠤᠰᠤ ᠱᠠᠰᠢᠨ ᠰᠤᠷᠲᠠᠬᠤᠨ ᠪᠠ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/7/22
  ᠬᠠᠤᠯᠢ ᠪᠤᠰᠤ ᠱᠠᠰᠢᠨ ᠰᠤᠷᠲᠠᠬᠤᠨ ᠪᠠ ᠭᠠᠵᠢᠭᠤ ᠨᠣᠮᠯᠠᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠪᠥᠬᠦ ᠨᠡᠶᠢᠭᠡᠮ ᠤᠨ ᠭᠠᠵᠢᠭᠤ ᠨᠣᠮᠯᠠᠯ ᠢ ᠰᠡᠷᠭᠡᠶᠢᠯᠡᠬᠦ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠬᠤᠷᠢᠭᠯᠠᠬᠤ ᠦᠵᠡᠯ ᠤᠬᠠᠮᠰᠠᠷ ᠢ ᠴᠢᠩᠭᠠᠳᠬᠠᠨ᠂ ᠮᠠᠨ ᠤ ᠬᠤᠰᠢᠭᠤᠨ ᠤ ᠪᠠᠨ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ   ᠶᠢᠨ ᠲᠦᠯᠦᠭᠡ᠂ ᠪᠦᠬᠦ ᠬᠤᠰᠢᠭᠤᠨ ᠤ ᠬᠡᠪᠴᠢᠶᠡᠨ ᠳᠤ ᠬᠠᠤᠯᠢ ᠪᠤᠰᠤ ᠱᠠᠰᠢᠨ ᠰᠤᠷᠲᠠᠬᠤᠨ ᠪᠠ ᠭᠠᠵᠢᠭᠤ ᠨᠣᠮᠯᠠᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ  ᠶᠢᠨ ᠰᠦᠪᠡᠭᠴᠢ ᠶᠢ ᠴᠤᠭᠯᠠᠭᠤᠯᠬᠤ ᠪᠠᠷ ᠪᠤᠯᠪᠠ᠃    ᠨᠢᠭᠡ᠂ ᠢᠯᠡᠴᠢᠯᠡᠨ ᠮᠡᠳᠡᠭᠦᠯᠬᠦ ᠠᠭᠤᠯᠭ᠎ᠠ    ︵ᠨᠢᠭᠡ︶ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ    1. ᠬᠠᠤᠯᠢ ᠶᠣᠰᠣᠨ ᠤ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠶᠠᠪᠤᠭᠳᠠᠭᠤᠯᠬᠤ ᠦᠬᠡᠢ᠂ ᠳᠤᠷ᠎ᠠ ᠪᠠᠷ ᠢᠶᠠᠨ ᠣᠯᠠᠨ ᠲᠦᠮᠡᠨ ᠢ ᠴᠤᠭᠯᠠᠭᠤᠯᠵᠤ ᠦᠢᠯᠡᠳᠦᠭᠰᠡᠨ ᠱᠠᠰᠢᠨ ᠰᠤᠷᠲᠠᠬᠤᠨ ᠤ ᠠᠵᠢᠯᠯᠠᠭ᠎ᠠ᠃    2. ᠡᠷᠦᠬᠡ ᠲᠤᠭᠤᠷᠢᠬᠤ ᠬᠡᠯᠪᠡᠷᠢ ᠪᠠᠷ ᠱᠠᠰᠢᠨ ᠰᠤᠷᠲᠠᠬᠤᠨ ᠤ ᠦᠵᠡᠯ ᠰᠠᠨᠠᠭ᠎ᠠ ᠶᠢ ᠤᠯᠠᠮᠵᠢᠯᠠᠵᠤ᠂ ︽ ᠪᠤᠷᠬᠠᠨ ᠨᠤᠮ︾   ᠢ  ᠤᠬᠠᠭᠤᠯᠵᠤ ᠰᠤᠷᠳᠠᠯᠴᠢᠯᠠᠬᠤ᠃    3. ᠰᠠᠭᠤᠭᠠᠯᠢ ᠲᠣᠭᠤᠷᠢᠭ᠂ ᠲᠡᠯᠬᠡᠬᠦᠷ ᠬᠤᠳᠠᠯᠳᠤᠭ᠎ᠠ᠂ ᠡᠯ᠎ᠡ ᠲᠥᠷᠥᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠱᠠᠰᠢᠨ ᠰᠤᠷᠲᠠᠬᠤᠨ ᠤ ᠲᠡᠮᠳᠡᠭ ᠢᠯᠡᠷᠬᠡᠶᠢᠯᠡᠯ ᠡᠯᠭᠦᠬᠦ᠂ ᠱᠠᠰᠢᠨ ᠰᠤᠷᠲᠠᠬᠤᠨ ᠤ ᠠᠭᠤᠯᠭ᠎ᠠ ᠶᠢ ᠤᠬᠠᠭᠤᠯᠬᠤ᠂ ᠱᠠᠰᠢᠨ ᠰᠤᠷᠲᠠᠬᠤᠨ ᠤ ᠶᠣᠰᠣᠯᠠᠯ ᠶᠠᠪᠤᠭᠤᠯᠬᠤ  ᠃    4. ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠳᠤ ᠲᠠᠯᠠᠪᠤᠷ᠂ ᠪᠠᠭᠠᠵᠢ ᠲᠦᠬᠦᠭᠡᠷᠦᠮᠵᠢ᠂ ᠡᠳ᠋ ᠪᠣᠳᠠᠰ ᠵᠡᠷᠭᠡ ᠪᠤᠰᠤᠳ ᠬᠠᠮᠢᠶ᠎ᠠ ᠪᠦᠬᠦᠢ ᠵᠦᠢᠯᠡᠰ ᠢ ᠬᠠᠩᠭᠠᠬᠤ᠃    5. ᠡᠵᠡᠩᠨᠡᠯᠲᠡ ᠶᠢᠨ ᠴᠢᠨᠠᠷᠳᠠᠢ ᠲᠠᠯᠠᠪᠤᠷ ᠲᠤ ᠱᠠᠰᠢᠨ ᠰᠤᠷᠲᠠᠬᠤᠨ ᠤ ᠦᠢᠯᠡᠴᠢᠯᠡᠭᠡ ᠬᠠᠩᠭᠠᠵᠤ᠂ ᠬᠠᠨᠳᠢᠪ ᠴᠤᠭᠯᠠᠭᠤᠯᠤᠨ ᠪᠡᠯᠡᠭ ᠬᠤᠷᠢᠶᠠᠬᠤ᠃    6. ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠳᠣᠲᠣᠷ᠎ᠠ ᠭᠠᠳᠠᠨ᠎ᠠ ᠥᠨᠳᠥᠷ ᠳᠠᠭᠤᠲᠤ ᠯᠠᠪᠠᠷ ᠢᠶᠠᠷ ᠨᠣᠮ ᠰᠤᠳᠤᠷ ᠤᠩᠰᠢᠵᠤ  ᠶᠠᠷᠢᠶ᠎ᠠ ᠢᠯᠡᠳᠬᠡᠯ ᠬᠢᠬᠦ  ᠃    7. ᠣᠯᠠᠨ ᠨᠡᠶᠢᠲᠡ ᠶᠢᠨ ᠲᠠᠯᠠᠪᠤᠷ ᠲᠤ ᠱᠠᠰᠢᠨ ᠰᠤᠷᠲᠠᠬᠤᠨ ᠢ ᠤᠬᠠᠭᠤᠯᠵᠤ ᠰᠤᠷᠳᠠᠯᠴᠢᠯᠠᠬᠤ ᠪᠤᠶᠤ ᠱᠠᠰᠢᠨ ᠰᠤᠷᠲᠠᠬᠤᠨ ᠳᠤ ᠤ‌‍ᠷᠤᠯᠴᠠᠭᠤᠯᠬᠤ ᠪᠠᠷ ᠪᠤᠰᠤᠳ ᠢ ᠢᠳᠬᠠᠵᠤ ᠠᠯᠪᠠᠳᠠᠬᠤ᠃    8. ᠨᠠᠰᠤᠨ ᠳᠤ ᠦᠯᠦ  ᠬᠦᠷᠦᠭᠰᠡᠳ ᠲᠤ ᠱᠠᠰᠢᠨ ᠰᠤᠷᠳᠠᠬᠤᠨ ᠢ ᠵᠢᠭᠠᠵᠤ ᠤᠯᠠᠮᠵᠢᠯᠠᠬᠤ ᠪᠤᠶᠤ ᠨᠠᠰᠤᠨ ᠳᠤ ᠦᠯᠦ ᠬᠦᠷᠦᠭᠰᠡᠨ ᠢ ᠵᠣᠬᠢᠶᠠᠨ ᠪᠠᠶᠢᠭᠤᠯᠵᠤ ᠱᠠᠰᠢᠨ ᠰᠢᠲᠦᠯᠭᠡ ᠳᠤ ᠤᠷᠤᠯᠴᠠᠭᠤᠯᠬᠤ᠃    9.  ᠵᠦᠪᠰᠢᠶᠡᠷᠡᠯ ᠠᠪᠬᠤ ᠦᠬᠡᠢ ᠪᠠᠷ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠠᠴᠠ ᠭᠠᠳᠠᠨ᠎ᠠ ᠱᠠᠰᠢᠨ ᠰᠤᠷᠲᠠᠬᠤᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠡᠷᠬᠢᠯᠡᠨ ᠶᠠᠪᠤᠭᠳᠠᠭᠤᠯᠬᠤ᠃    10. ᠵᠥᠪᠰᠢᠶᠡᠷᠡᠯ ᠦᠬᠡᠢ ᠪᠠᠷ ᠭᠠᠳᠠᠷ ᠣᠷᠣᠨ ᠠᠴᠠ ᠬᠦᠮᠦᠨ ᠵᠠᠯᠠᠵᠤ ᠱᠠᠰᠢᠨ ᠰᠢᠲᠦᠯᠭᠡ ᠶᠢᠨ ᠠᠵᠢᠯᠯᠠᠭ᠎ᠠ ᠶᠠᠪᠤᠭᠳᠠᠭᠤᠯᠬᠤ᠃    11. ᠵᠥᠪᠰᠢᠶᠡᠷᠡᠯ ᠦᠬᠡᠢ ᠪᠠᠷ ᠨᠣᠮ ᠰᠤᠷᠤᠭᠰᠠᠳ ᠢ ᠲᠠᠭᠠᠭᠤᠯᠬᠤ᠃    12. ᠵᠥᠪᠰᠢᠶᠡᠷᠡᠯ ᠦᠭᠡᠢ ᠪᠠᠷ ᠸᠢᠴᠠᠲ᠂ ᠲᠢᠭ᠋ ᠲᠤᠭ᠂ ᠬᠤᠷᠳᠤᠨ ᠭᠠᠷ ᠵᠡᠷᠭᠡ ᠰᠦᠯᠵᠢᠶᠡᠨ ᠤ ᠲᠠᠪᠴᠠᠩ ᠢ ᠠᠰᠢᠭᠯᠠᠨ ᠱᠠᠰᠢᠨ ᠰᠤᠷᠲᠠᠬᠤᠨ ᠤ ᠬᠢᠴᠢᠶᠡᠯ ᠪᠣᠯᠪᠠᠰᠤᠷᠠᠯ ᠡᠷᠬᠢᠯᠡᠬᠦ᠂ ᠶᠠᠷᠢᠶ᠎ᠠ ᠢᠯᠡᠳᠬᠡᠯ ᠬᠢᠬᠦ ᠪᠤᠶᠤ ᠵᠢᠷᠤᠭ ᠳᠠᠭᠤ  ᠶᠢᠨ  ᠬᠡᠯᠪᠡᠷᠢ ᠪᠠᠷ ᠱᠠᠰᠢᠨ ᠰᠤᠷᠲᠠᠬᠤᠨ ᠤ ᠶᠤᠰᠤ ᠨᠤᠮ ᠢ ᠰᠢᠩᠭᠡᠭᠡᠨ ᠨᠡᠪᠳᠡᠷᠡᠬᠦᠯᠬᠦ ᠪᠠ ᠰᠢᠭᠤᠳ ᠨᠡᠪᠳᠡᠷᠡᠬᠦᠯᠬᠦ᠃   13. ᠵᠥᠪᠰᠢᠶᠡᠷᠡᠯ ᠦᠭᠡᠢ ᠪᠠᠷ ᠱᠠᠰᠢᠨ ᠰᠤᠷᠲᠠᠬᠤᠨ ᠤ ᠲᠥᠷᠥᠯ ᠤᠨ ᠬᠠᠤᠯᠢ ᠪᠤᠰᠤ ᠬᠡᠪᠯᠡᠭᠳᠡᠬᠦᠨ ᠪᠠ ᠲᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠢ ᠳᠤᠷ᠎ᠠ ᠪᠠᠷ ᠢᠶᠠᠨ ᠨᠠᠶᠢᠷᠠᠭᠤᠯᠵᠤ ᠵᠤᠬᠢᠶᠠᠬᠤ᠂  ᠤᠷᠴᠢᠭᠤᠯᠵᠤ  ᠬᠦᠷᠪᠡᠬᠦᠯᠬᠦ᠂  ᠭᠡᠪᠯᠡᠵᠦ  ᠲᠠᠷᠤᠮᠠᠯᠯᠠᠬᠤ᠂  ᠦᠢᠯᠡᠳᠴᠦ ᠪᠤᠷᠤᠯᠠᠭᠤᠯᠬᠤ  ᠂ ᠲᠠᠷᠬᠠᠭᠠᠵᠤ ᠳᠡᠯᠭᠡᠷᠡᠭᠦᠯᠬᠦ᠃   14. ᠳᠠᠭᠠᠭᠤᠯᠢ ᠣᠳᠣᠨ ᠤ ᠬᠦᠯᠢᠶᠡᠨ ᠠᠪᠬᠤ ᠲᠥᠬᠦᠭᠡᠷᠦᠮᠵᠢ ᠶᠢ ᠬᠠᠤᠯᠢ ᠪᠤᠰᠤ ᠪᠠᠷ ᠬᠡᠷᠡᠭᠯᠡᠵᠦ᠂ ᠬᠢᠯᠢ ᠶᠢᠨ ᠭᠠᠳᠠᠨᠠᠬᠢ ᠱᠠᠰᠢᠨ ᠰᠤᠷᠲᠠᠬᠤᠨ ᠤ ᠷᠠᠳᠢᠣ᠋  ᠲᠧᠯᠸᠢᠰ᠂ ᠰᠢᠭᠤᠳ ᠨᠡᠪᠲᠡᠷᠡᠭᠦᠯᠭᠡ ᠶᠢ  ᠦᠵᠡᠵᠦ ᠰᠤᠨᠤᠰᠬᠤ ᠪᠠ  ᠤᠯᠠᠮᠵᠢᠯᠠᠨ ᠲᠠᠮᠵᠢᠭᠤᠯᠬᠤ᠃    15. ᠱᠠᠰᠢᠨ ᠤ ᠳᠡᠪᠡᠯ ᠬᠤᠪᠴᠠᠰᠤ ᠪᠠᠨ ᠡᠮᠦᠰᠴᠦ᠂  ᠵᠡᠬᠡᠯᠦ ᠭᠤᠳᠤᠮᠵᠢ ᠪᠠᠷ ᠲᠤᠭᠤᠷᠢᠨ᠂ ᠠᠶᠢᠯ ᠡᠷᠦᠬᠡ ᠪᠠᠷ ᠤᠷᠤᠵᠤ᠂ ᠪᠠᠳᠢᠷ ᠪᠠᠷᠢᠬᠤ᠂ ᠲᠦᠯᠭᠡ ᠦᠵᠡᠬᠦ ᠪᠠ ᠱᠠᠰᠢᠨ ᠤ ᠬᠡᠷᠡᠭᠰᠡᠯ ᠢ ᠪᠣᠷᠣᠯᠠᠭᠤᠯᠬᠤ᠃    16. ᠰᠦᠮ᠎ᠠ ᠬᠡᠶᠢᠳ ᠪᠠ ᠳᠤᠮᠤ ᠬᠡᠯᠪᠡᠷᠢ ᠶᠢᠨ ᠱᠠᠰᠢᠨ ᠤ ᠱᠤᠭᠤᠮᠠᠯ ᠢ  ᠪᠡᠯᠡ ᠤᠷᠤᠭᠤᠯᠤᠨ ᠳᠠᠭᠠᠭᠠᠴᠢᠯᠠᠬᠤ ᠃    17. ᠬᠠᠤᠯᠢ ᠲᠦᠷᠢᠮ ᠳᠤ ᠴᠠᠭᠠᠵᠠᠯᠠᠭᠰᠠᠨ ᠪᠤᠰᠤᠳ ᠦᠢᠯᠡ ᠠᠵᠢᠯᠯᠠᠭ᠎ᠠ᠃    ︵ᠬᠤᠶᠠᠷ︶ ᠭᠠᠵᠢᠭᠤ ᠨᠤᠮᠯᠠᠯ ᠤᠨ ᠵᠤᠬᠢᠶᠠᠨ ᠪᠠᠶᠢᠭᠤᠯᠤᠯᠳᠠ ᠶᠢᠨ ᠠᠵᠢᠯᠯᠠᠭ᠎ᠠ    1. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠤᠰᠤ ᠬᠤᠷᠠᠯ ᠴᠤᠭᠯᠠᠭᠠᠨ᠃   2. ᠭᠠᠵᠢᠭᠤ ᠨᠣᠮᠯᠠᠯ ᠳᠤ ᠬᠤᠯᠪᠣᠭᠳᠠᠭᠰᠠᠳ ᠨᠢ ᠭᠠᠵᠢᠭᠤ ᠨᠣᠮᠯᠠᠯ ᠢ ᠤᠯᠠᠮᠵᠢᠯᠠᠨ ᠲᠠᠷᠬᠠᠭᠠᠵᠤ᠂ ᠪᠤᠰᠤᠳ ᠢ ᠥᠳᠥᠭᠡᠨ ᠮᠡᠬᠡᠯᠡᠬᠦ ᠪᠤᠶᠤ ᠠᠶᠤᠯᠭᠠᠨ ᠰᠦᠷᠳᠡᠭᠦᠯᠵᠦ ᠪᠠᠶᠢᠭᠠᠳ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠣᠷᠣᠯᠴᠠᠭᠤᠯᠬᠤ ᠵᠢᠴᠢ ᠪᠤᠰᠤᠳ ᠤᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠠᠴᠠ ᠭᠠᠷᠬᠤ ᠶᠢ ᠬᠤᠷᠢᠭᠯᠠᠬᠤ᠃   3. ᠭᠠᠵᠢᠭᠤ ᠨᠣᠮᠯᠠᠯ ᠳᠤ ᠬᠤᠯᠪᠣᠭᠳᠠᠭᠰᠠᠳ ᠨᠢ ᠰᠤᠷᠭᠠᠭᠤᠯᠢ ᠪᠤᠶᠤ ᠪᠤᠰᠤᠳ ᠪᠣᠯᠪᠠᠰᠤᠷᠠᠯ ᠤᠨ ᠪᠠᠶᠢᠭᠤᠯᠤᠮᠵᠢ ᠳᠤ ᠭᠠᠵᠢᠭᠤ ᠨᠣᠮᠯᠠᠯ ᠢ ᠤᠬᠠᠭᠤᠯᠤᠨ ᠰᠤᠷᠳᠠᠯᠴᠢᠯᠠᠬᠤ ᠪᠠ ᠨᠠᠰᠤᠨ ᠳᠤ ᠦᠯᠦ ᠬᠦᠷᠦᠭᠰᠡᠳ ᠲᠤ ᠭᠠᠵᠢᠭᠤ ᠨᠣᠮᠯᠠᠯ ᠢ  ᠤᠬᠠᠭᠤᠯᠬᠤ᠃   4. ᠭᠠᠵᠢᠭᠤ ᠨᠣᠮᠯᠠᠯ ᠳᠤ ᠬᠤᠯᠪᠣᠭᠳᠠᠭᠰᠠᠳ ᠨᠢ ᠲᠡᠷᠰᠯᠡᠭᠦᠦ ᠦᠭᠡ ᠶᠠᠷᠢᠶ᠎ᠠ ᠲᠠᠷᠬᠠᠭᠠᠬᠤ᠂ ᠭᠠᠵᠢᠭᠤ ᠨᠣᠮᠯᠠᠯ  ᠤᠨ ᠤᠷᠢᠶ᠎ᠠ ᠯᠣᠽᠦ᠋ᠩ᠂ ᠨᠣᠮ ᠪᠢᠴᠢᠭ᠂ ᠤᠬᠠᠭᠤᠯᠭ᠎ᠠ ᠶᠢᠨ ᠬᠠᠭᠤᠳᠠᠰᠤ᠂ ᠯᠠᠶᠢᠰᠧᠷ ᠲᠠᠪᠠᠭ᠂ ᠮᠠᠲ᠋ᠧᠷᠢᠶᠠᠯ ᠵᠡᠷᠭᠡ ᠤᠬᠠᠭᠤᠯᠭ᠎ᠠ ᠶᠢᠨ ᠪᠤᠳᠠᠰ ᠢ ᠨᠠᠭᠠᠬᠤ᠂ ᠲᠠᠷᠬᠠᠭᠠᠬᠤ᠂ ᠬᠠᠳᠠᠭᠠᠯᠠᠬᠤ᠂ ᠦᠢᠯᠡᠳᠬᠦ ᠪᠠ ᠠᠪᠴᠤ ᠶᠠᠪᠤᠬᠤ᠃   5. ᠬᠤᠯᠪᠣᠭ᠎ᠠ ᠰᠦᠯᠵᠢᠶ᠎ᠡ ᠶᠢ ᠠᠰᠢᠭᠯᠠᠨ ᠭᠠᠵᠢᠭᠤ ᠨᠣᠮᠯᠠᠯ ᠨᠣᠮᠯᠠᠯ ᠢ ᠤᠬᠠᠭᠤᠯᠵᠤ᠂ ᠭᠠᠵᠢᠭᠤ ᠨᠣᠮᠯᠠᠯ ᠤᠨ ᠡᠯᠧᠺᠲᠷᠤᠨ ᠵᠢᠷᠤᠭ᠂ ᠨᠣᠮ ᠰᠡᠳᠬᠦᠯ᠂  ᠸᠢᠳᠢᠤ᠋ ᠪᠢᠴᠢᠯᠭᠡ ᠵᠡᠷᠭᠡ ᠶᠢ ᠦᠢᠯᠡᠳᠬᠦ ᠪᠠ ᠲᠠᠮᠵᠢᠭᠤᠯᠬᠤ᠂ QQ᠂ ᠸᠢᠴᠠᠲ᠂  ᠲᠢᠭ᠋ ᠲᠤᠭ᠂ ᠬᠤᠷᠳᠤᠨ ᠭᠠᠷ᠂ ᠪᠢᠴᠢᠯ ᠪᠦᠷᠭᠡ ᠵᠡᠷᠭᠡ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠢᠶᠠᠷ ᠭᠠᠵᠢᠭᠤ ᠨᠣᠮᠯᠠᠯ ᠤᠨ ᠠᠭᠤᠯᠭ᠎ᠠ ᠶᠢ ᠤᠬᠠᠭᠤᠯᠤᠨ ᠰᠤᠷᠳᠠᠯᠴᠢᠯᠠᠬᠤ᠃    6. ᠭᠠᠵᠢᠭᠤ ᠨᠣᠮᠯᠠᠯ ‍ᠤᠨ‌ᠠᠵᠢᠯᠯᠠᠭ᠎ᠠ ᠲᠠᠢ ᠬᠤᠯᠪᠣᠭᠳᠠᠬᠤ ᠪᠤᠰᠤᠳ ᠰᠡᠵᠢᠭᠯᠡᠯᠲᠡᠢ ᠬᠥᠮᠦᠨ ᠪᠠ ᠬᠡᠷᠡᠭ ᠪᠣᠳᠠᠰ  ᠤᠨ ᠰᠦᠪᠡᠭᠴᠢ᠃     ᠬᠤᠶᠠᠷ᠂ ᠢᠯᠡᠴᠢᠯᠡᠨ ᠮᠡᠳᠡᠭᠦᠯᠬᠦ ᠠᠷᠭ᠎ᠠ    ︵ᠨᠢᠭᠡ︶ 110 ᠪᠤᠶᠤ 0 479 - 5227030   ᠳᠤ ᠤᠳᠠᠰᠤᠳᠠᠨ᠎ᠠ᠃    ︵ᠬᠤᠶᠠᠷ︶ ᠬᠠᠷᠢᠶ᠎ᠠ ᠣᠷᠣᠨ ᠤ ᠪᠠᠨ ᠲᠣᠮᠢᠯᠠᠭᠰᠠᠨ ᠰᠠᠯᠪᠤᠷᠢ ᠳᠤ ᠤᠲᠠᠰᠤᠳᠠᠨ᠎ᠡ᠃    ︵ᠭᠤᠷᠪᠠ︶ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠳᠤ ᠨᠢᠭᠤᠷᠳᠠᠨ ᠮᠡᠳᠡᠭᠦᠯᠦᠨ᠎ᠡ᠃     ᠭᠤᠷᠪᠠ᠂ ᠱᠠᠩᠨᠠᠨ ᠵᠤᠷᠢᠬᠵᠢᠭᠤᠯᠬᠤ ᠠᠷᠭ᠎ᠠ    ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠪᠠᠶᠢᠴᠠᠭᠠᠨ ᠲᠣᠳᠣᠯᠠᠭᠠᠳ ᠦᠨᠡᠨ ᠪᠣᠳᠠᠲᠠᠶ ᠪᠤᠯ ᠬᠠᠮᠢᠶ᠎ᠠ ᠪᠦᠬᠦᠢ ᠲᠣᠭᠲᠠᠭᠠᠯ ᠶᠣᠰᠣᠭᠠᠷ 500 ᠲᠥᠭᠦᠷᠢᠭ — 3000 ᠲᠥᠭᠦᠷᠢᠭ ᠢᠶᠠᠷ ᠱᠠᠩᠨᠠᠨ᠎ᠠ᠃ ᠣᠯᠠᠨ ᠰᠠᠯᠠᠭ᠎ᠠ ᠮᠥᠴᠢᠷ ᠲᠤ ᠠᠳᠠᠯᠢ ᠨᠢᠭᠡᠨ ᠠᠭᠤᠯᠭ᠎ᠠ ᠶᠢ ᠢᠯᠡᠴᠢᠯᠡᠨ ᠮᠡᠳᠡᠭᠦᠯᠦᠭᠰᠡᠨ ᠦᠶᠡᠰ ᠬᠠᠮᠤᠭ ᠤᠷᠢᠳᠤᠬᠢ ᠮᠡᠳᠡᠬᠦᠯᠦᠯᠳᠡ  ᠪᠠᠷ ᠨᠢ ᠭᠤᠣᠯ ᠪᠣᠯᠭᠠᠨ᠎ᠠ᠃ ᠢᠯᠡᠴᠢᠯᠡᠨ ᠮᠡᠳᠡᠭᠦᠯᠦᠭᠰᠡᠨ ᠰᠦᠪᠡᠭᠴᠢ ᠨᠢ ᠦᠨᠡᠨ ᠪᠤᠳᠠᠳᠠᠢ ᠪᠤᠰᠤ᠂ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠡᠷᠡᠭᠯᠡᠭᠰᠡᠨ ᠦᠭᠡᠢ ᠪᠣᠯ ᠱᠠᠩᠨᠠᠬᠤ ᠦᠭᠡᠢ᠃ ᠢᠯᠡᠴᠢᠯᠡᠨ ᠮᠡᠳᠡᠭᠦᠯᠦᠭᠴᠢ ᠨᠢ ᠱᠠᠩᠨᠠᠯ  ᠤᠨ ᠮᠡᠳᠡᠭᠳᠡᠯ ᠢ ᠣᠯᠤᠭᠰᠠᠨ ᠤ ᠲᠠᠷᠠᠭ᠎ᠠ 30 ᠡᠳᠦᠷ ᠤᠨ ᠳᠣᠲᠣᠷ᠎ᠠ ᠪᠡᠶ᠎ᠡ ᠶᠢᠨ ᠦᠨᠡᠮᠯᠡᠯ ᠢᠶᠠᠨ ᠠᠪᠴᠤ ᠲᠣᠭᠲᠠᠰᠠᠨ ᠭᠠᠵᠠᠷ ᠲᠤ  ᠬᠦᠷᠴᠦ ᠱᠠᠩᠨᠠᠯ ᠢᠶᠠᠨ ᠠᠪᠤᠨ᠎ᠠ᠂ ᠬᠤᠭᠤᠴᠠᠭ᠎ᠠ ᠨᠢ ᠦᠩᠭᠡᠷᠡᠪᠡᠯ ᠱᠠᠩᠨᠠᠯ ᠢ ᠤᠯᠭᠤᠬᠤ ᠦᠬᠡᠢ  ᠃      ᠳᠥᠷᠪᠡ᠂ ᠱᠠᠩᠨᠠᠨ ᠵᠤᠷᠢᠬᠵᠢᠭᠤᠯᠬᠤ ᠨᠢᠭᠤᠷᠯᠠᠯ     ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ᠂ ᠭᠠᠵᠢᠭᠤ ᠨᠣᠮᠯᠠᠯ ᠤᠨ ᠠᠵᠢᠯᠯᠠᠭ᠎ᠠ ᠶᠢ ᠦᠨᠡᠨ ᠪᠤᠳᠠᠳᠠᠢ  ᠪᠠᠷ ᠢᠯᠡᠴᠢᠯᠡᠨ ᠮᠡᠳᠡᠭᠦᠯᠦᠭᠰᠡᠨ ᠦᠷᠭᠡᠨ ᠤᠯᠠᠨ ᠠᠷᠠᠳ ᠢᠷᠭᠡᠳ ᠪᠠ ᠨᠡᠶᠢᠭᠡᠮ ᠤᠨ ᠡᠯ᠎ᠡ ᠡᠲᠡᠭᠡᠳ ᠤᠨ ᠬᠦᠮᠦᠰ  ᠃  ᠡᠬᠦᠨ ᠳᠤ ᠡᠯ᠎ᠡ ᠱᠠᠲᠤᠨ ᠤ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠥᠷᠲᠡᠭᠡ᠂ ᠠᠵᠢᠯᠯᠠᠬᠤ ᠳᠤᠭᠤᠶᠢᠯᠠᠩ᠂ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠡᠰᠡᠷᠬᠦᠴᠡᠬᠦ ᠠᠵᠢᠯ ᠤᠨ ᠤᠳᠤᠷᠢᠳᠬᠤ ᠳᠤᠭᠤᠶᠢᠯᠠᠩ ᠵᠢᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯᠲᠠᠨ ᠪᠠᠭᠲᠠᠬᠤ ᠦᠭᠡᠢ᠃      ᠲᠠᠪᠤ᠂ ᠬᠠᠤᠯᠢ ᠶᠢᠨ ᠬᠠᠷᠢᠭᠤᠴᠠᠯᠭ᠎ᠠ     ᠢᠯᠡᠴᠢᠯᠡᠨ ᠮᠡᠳᠡᠭᠦᠯᠬᠦ ᠨᠡᠷ᠎ᠡ ᠪᠠᠷ ᠪᠤᠰᠤᠳ ᠢ ᠭᠦᠳᠬᠡᠨ ᠵᠠᠭᠠᠯᠳᠣᠬᠤ᠂ ᠬᠤᠳᠠᠯ ᠬᠠᠭᠤᠷᠮᠠᠭ ᠮᠡᠳᠡᠭᠡ ᠵᠠᠩᠭᠢ  ᠶᠢ ᠵᠤᠬᠢᠶᠠᠬᠤ ᠪᠠ ᠲᠠᠷᠬᠠᠭᠠᠬᠤ ᠵᠡᠷᠭᠡ ᠦᠢᠯᠡ ᠠᠵᠢᠯᠯᠠᠭ᠎ᠠ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠭᠤᠭ᠎ᠠ᠂ ᠨᠢᠭᠤᠴᠠ ᠶᠢ ᠬᠠᠮᠠᠭᠠᠯᠠᠬᠤ ᠠᠷᠭ᠎ᠠ    ᠨᠢᠭᠤᠴᠠ ᠶᠢ ᠬᠠᠮᠠᠭᠠᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠢᠯᠡᠴᠢᠯᠡᠨ ᠮᠡᠳᠡᠭᠦᠯᠦᠭᠴᠢ ᠶᠢᠨ ᠵᠥᠪᠰᠢᠶᠡᠷᠡᠯ ᠦᠭᠡᠢ ᠪᠠᠷ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠨᠢ ᠶᠠᠮᠠᠷᠪᠠ ᠠᠷᠭ᠎ᠠ ᠮᠠᠶ᠋ᠢᠭ ᠢᠶᠠᠷ ᠵᠠᠳᠠᠷᠠᠭᠤᠯᠵᠤ ᠪᠣᠯᠬᠤ ᠦᠭᠡᠢ᠂ ᠨᠢᠭᠤᠴᠠ ᠶᠢ ᠵᠠᠳᠠᠷᠠᠭᠤᠯᠤᠭᠰᠠᠨ ᠦᠢᠯᠡ ᠠᠵᠢᠯᠯᠠᠭ᠎ᠠ ᠠᠴᠠ ᠬᠠᠤᠯᠢ  ᠲᠦᠷᠢᠮ ᠤᠨ ᠲᠠᠭᠠᠤ ᠬᠠᠷᠢᠭᠤᠴᠠᠯᠭ᠎ᠠ ᠨᠡᠬᠡᠮᠵᠢᠯᠡᠨ᠎ᠡ᠃                                            ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                                     2024 ᠣᠨ ᠤ 7 ᠰᠠᠷ᠎ᠠ ᠶᠢᠨ 17 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号