ᠯᠦᠸᠧ ᠲᠦᠸᠧ ᠱᠠᠨ ᠪᠠᠯᠭᠠᠰᠤ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠢ ᠰᠠᠶᠢᠳᠤᠷ ᠭᠡᠷᠡᠭᠵᠢᠬᠦᠯᠦᠨ᠂ ︽ᠭᠤᠷᠪᠠ ᠶᠢ ᠴᠢᠩᠭ᠎ᠠ | ᠠᠳᠬᠤᠬᠤ︾ ᠠᠷᠭ᠎ᠠ ᠪᠠᠷ ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠢ ᠡᠮᠬᠢ ᠲᠢᠭᠯᠡᠮ ᠲᠠᠢ ᠪᠦᠭᠡᠳ ᠦᠷ᠎ᠡ | ᠪᠦᠳᠦᠮᠵᠢ ᠲᠠᠢ ᠶᠠᠪᠤᠭᠳᠠᠭᠤᠯᠵᠤ ᠪᠠᠶᠢᠨ᠎ᠠ ᠃ | ᠵᠣᠬᠢᠶᠠᠨ ᠪᠠᠶᠢᠭᠤᠯᠵᠤ ᠤᠳᠤᠷᠢᠳᠬᠤ ᠶᠢ ᠠᠳᠬᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠨᠠᠩ ︽ | ᠡᠷᠴᠢᠮ︾ ᠲᠠᠢ ᠶᠠᠪᠤᠭᠳᠠᠭᠤᠯᠤᠭᠰᠠᠨ᠃ ᠥᠨᠳᠥᠷ ᠵᠤᠭᠰᠤᠴᠠ ᠠᠴᠠ ᠪᠦᠲᠦᠮᠵᠢᠲᠡᠶ ᠠᠬᠢᠭᠤᠯᠬᠤ ᠶᠢ ᠪᠠᠷᠢᠮᠲᠠᠯᠠᠵᠤ᠂ | ᠪᠠᠯᠭᠠᠰᠤᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠨ᠂ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠪᠠᠷ ᠳᠡᠳ᠋ ᠳᠠᠷᠤᠭ᠎ᠠ ᠪᠤᠯᠭᠠᠵᠤ᠂ ᠡᠯ᠎ᠡ ᠲᠣᠰᠬᠤᠨ ᠤ ᠤᠳᠤᠷᠢᠳᠤᠯᠭ᠎ᠠ ᠪᠠᠷ ᠭᠡᠰᠢᠬᠦᠨ ᠪᠣᠯᠭᠠᠭᠰᠠᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ 2024 ᠣᠨ ᠤ ᠬᠠᠪᠤᠷ ᠤᠨ ᠤᠯᠠᠷᠢᠯ ᠤᠨ ᠪᠡᠯᠴᠢᠭᠡᠷᠯᠡᠬᠦᠯᠬᠦ ᠶᠢ | ᠴᠠᠭᠠᠵᠠᠯᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ᠂ ᠠᠵᠢᠯ ᠤᠨ ᠲᠣᠬᠢᠷᠠᠭᠤᠯᠤᠯᠲᠠ ᠶᠢᠨ | ᠬᠤᠷᠠᠯ᠂ ᠭᠤᠣᠯᠳᠠᠯᠭ᠎ᠠ ᠲᠠᠢ ᠠᠵᠢᠯ ᠤᠨ ᠬᠤᠷᠠᠯ ᠵᠡᠷᠭᠡ ᠬᠠᠮᠢᠶ᠎ᠠ ᠪᠥᠬᠦᠶ ᠬᠤᠷᠠᠯ ᠢ ᠬᠤᠷᠠᠯᠳᠤᠭᠤᠯᠬᠤ ᠪᠠᠷ ᠳᠡᠮᠵᠢᠨ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠲᠦᠷᠢᠮ︾᠂ ︽ᠲᠠᠶᠢᠹᠤᠰᠧ ᠬᠤᠰᠢᠭᠤᠨ ᠤ | 2023-2025 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠤᠨ ᠬᠡᠷᠡᠭᠵᠢᠭᠦᠯᠬᠦ ᠲᠦᠰᠦᠪ︾᠂ ︽ᠲᠠᠶᠢᠹᠤᠰᠧ ᠬᠤᠰᠢᠭᠤᠨ ᠤ ᠬᠠᠪᠤᠷ ᠤᠨ ᠤᠯᠠᠷᠢᠯ ᠤᠨ ᠪᠡᠯᠴᠢᠭᠡᠷ | ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠠᠯᠪᠠᠨ ᠵᠠᠷᠯᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠵᠤ᠂ ᠠᠵᠢᠯ ᠡᠭᠦᠷᠭᠡ ᠶᠢ ᠲᠣᠳᠣᠷᠬᠠᠶᠢᠯᠠᠨ᠂ ᠨᠠᠷᠢᠨ ᠨᠢᠮᠪᠠᠢ | ᠪᠠᠶᠢᠷᠢᠯᠠᠭᠤᠯᠵᠤ᠂ ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ | ᠱᠠᠭᠠᠷᠳᠠᠨ ᠪᠠᠶᠢᠴᠠᠭᠠᠬᠤ ᠶᠢ ᠠᠳᠬᠤᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠨᠠᠩ ︽ᠭᠦᠨᠴᠡ︾ | ᠲᠠᠢ ᠶᠠᠪᠤᠭᠳᠠᠭᠤᠯᠤᠭᠰᠠᠨ᠃ ᠨᠢᠮᠪᠠᠢ ᠲᠣᠭᠤᠷᠢᠨ ᠪᠠᠶᠢᠴᠠᠭᠠᠬᠤ᠂ ᠴᠢᠩᠭ᠎ᠠ ᠬᠢᠨᠠᠨ ᠬᠠᠮᠢᠶᠠᠷᠬᠤ ᠶᠢ ᠪᠠᠷᠢᠮᠲᠠᠯᠠᠵᠤ᠂ | ︽ᠡᠳᠦᠷ ᠰᠥᠨᠢ ᠥᠬᠡᠶ ᠲᠣᠭᠤᠷᠢᠨ ᠪᠠᠶᠢᠴᠠᠭᠠᠬᠤ︾ ᠲᠦᠷᠢᠮ ᠢ ᠭᠡᠷᠡᠭᠵᠢᠬᠦᠯᠦᠨ᠂ ᠪᠠᠯᠭᠠᠰᠤ ᠲᠣᠰᠬᠤᠨ ᠤ ᠺᠠᠳ᠋ᠷ᠂ | ᠨᠤᠲᠤᠭ ᠪᠡᠯᠴᠢᠭᠡᠷ ᠤᠨ ᠬᠠᠮᠢᠶᠠᠷᠤᠭᠴᠢ᠂ ᠨᠠᠭᠤᠷ ᠭᠤᠤᠯ ᠤᠨ ᠳᠠᠷᠤᠭ᠎ᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ︽ᠬᠠᠩᠰᠢ ᠶᠢᠨ ᠡᠳᠦᠷ︾᠂ ︽5.1︾ ᠤ ᠬᠤᠭᠤᠴᠠᠭᠠᠨ ᠳᠠᠬᠢ ᠬᠠᠤᠯᠢ ᠵᠥᠷᠢᠴᠡᠭᠰᠡᠨ ᠦᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠬᠥᠮᠦᠨ ᠳᠣᠭᠢᠷᠠᠭᠤᠯᠤᠨ | ᠡᠳᠦᠷ ᠪᠦᠷᠢ ᠶᠢᠨ ᠬᠠᠤᠯᠢ ᠬᠡᠷᠡᠭᠵᠢᠭᠦᠯᠦᠭᠰᠡᠨ ᠪᠠᠶᠢᠳᠠᠯ᠂ ᠡᠯ᠎ᠡ ᠲᠣᠰᠬᠤᠨ ᠤ ᠠᠵᠢᠯᠯᠠᠬᠤ ᠳᠤᠭᠤᠶᠢᠯᠠᠩ ᠤᠨ | ᠪᠠᠶᠢᠴᠠᠭᠠᠭᠰᠠᠨ ᠪᠠᠶᠢᠳᠠᠯ ᠵᠢᠴᠢ ᠲᠠᠷᠢᠶᠠᠴᠢᠨ ᠡᠷᠦᠬᠡ ᠶᠢᠨ ᠡᠪᠡᠰᠦ ᠪᠣᠷᠳᠤᠭ᠎ᠠ ᠨᠥᠭᠡᠴᠡᠯᠡᠵᠦ ᠪᠠᠶᠢᠭ᠎ᠠ ᠪᠠᠶᠢᠳᠠᠯ ᠢ | ᠬᠤᠷᠢᠶᠠᠩᠭᠤᠶᠢᠯᠠᠨ ᠪᠦᠷᠢᠳᠭᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ | ᠤᠯᠬᠤ ᠶᠢ ᠪᠠᠳᠤᠯᠠᠭᠰᠠᠨ ᠪᠠᠶᠢᠨ᠎ᠠ᠃ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ | ᠢᠯᠡᠴᠢᠯᠡᠨ ᠲᠤᠰᠬᠠᠭᠰᠠᠨ ᠠᠰᠠᠭᠤᠳᠠᠯ ᠢ ᠢᠳᠡᠪᠬᠢᠲᠡᠶ ᠪᠠᠷ ᠬᠦᠯᠢᠶᠡᠨ ᠠᠪᠴᠤ ᠰᠢᠢᠳᠪᠦᠷᠢᠯᠡᠨ᠂ ᠬᠠᠤᠯᠢ ᠶᠢᠨ | ᠬᠢᠨᠠᠯᠲᠠ ᠂ ᠨᠡᠶᠢᠭᠡᠮ ᠤᠨ ᠬᠢᠨᠠᠯᠲᠠ᠂ ᠣᠯᠠᠨ ᠲᠦᠮᠡᠨ ᠤ ᠬᠢᠨᠠᠯᠲᠠ ᠶᠢᠨ ᠬᠠᠮᠳᠤᠷᠠᠯ ᠤᠨ ᠬᠦᠴᠦᠨ ᠢ ᠪᠤᠢ ᠪᠤᠯᠭᠠᠪᠠ᠃ | ᠡᠨᠡ ᠵᠢᠯ᠂ ᠲᠤᠰ ᠪᠠᠯᠭᠠᠰᠤ ᠨᠢ ᠨᠡᠶᠢᠲᠡ 423 ᠭᠠᠷᠤᠢ ᠠᠵᠢᠯᠳᠠᠨ ︵ᠤᠳᠠᠭ᠎ᠠ︶ ᠢ ᠵᠤᠬᠢᠶᠠᠨ ᠪᠠᠶᠢᠭᠤᠯᠵᠤ ᠂ | ᠪᠥᠬᠦ ᠪᠠᠯᠭᠠᠰᠤᠨ ᠤ 19 ᠲᠣᠰᠬᠤᠨ᠂ 80 ᠠᠶᠢᠯ ᠬᠤᠳᠠ ᠶᠢ ᠨᠡᠶᠢᠳᠡᠮ ᠲᠣᠭᠤᠷᠢᠨ ᠪᠠᠶᠢᠴᠠᠭᠠᠵᠤ᠂ 12 ᠤᠳᠠᠭ᠎ᠠ | ᠰᠡᠷᠡᠮᠵᠢᠯᠡᠬᠦᠯᠬᠦ ᠮᠡᠳᠡᠭᠳᠡᠯ ᠪᠠᠭᠤᠯᠭᠠᠨ᠂ 29 ᠤᠳᠠᠭ᠎ᠠ ᠵᠠᠰᠠᠭ ᠵᠠᠬᠢᠷᠭᠠᠨ ᠤ ᠰᠢᠳᠬᠡᠯ ᠤᠯᠭᠤᠭᠠᠳ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠨᠢ ᠮᠡᠳᠡᠭᠳᠡᠮ᠎ᠡ ᠦᠷ᠎ᠡ ᠪᠦᠲᠦᠮᠵᠢ ᠤᠯᠤᠭᠰᠠᠨ ᠪᠠᠶᠢᠨ᠎ᠠ᠃ | ᠤᠬᠠᠭᠤᠯᠭ᠎ᠠ ᠵᠢᠯᠤᠭᠤᠳᠤᠯᠭ᠎ᠠ ᠶᠢ ᠠᠳᠬᠤᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠨᠠᠩ ︽ᠢᠳᠡ︾ | ᠲᠠᠢ ᠶᠠᠪᠤᠭᠳᠠᠭᠤᠯᠤᠭᠰᠠᠨ᠃ ᠣᠯᠠᠨ ᠲᠠᠯ᠎ᠠ ᠪᠠᠷ ᠬᠦᠴᠦᠯᠡᠬᠦ᠂ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠣᠶ | ᠰᠢᠭᠤᠶ ᠭᠠᠯ ᠲᠦᠢᠮᠡᠷ ᠢ ᠰᠡᠷᠭᠡᠶᠢᠯᠡᠬᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠪᠠ ᠠᠶᠤᠯᠬᠦᠢ ᠦᠢᠯᠡᠳᠪᠦᠷᠢᠯᠡᠯ | ᠵᠡᠷᠭᠡ ᠠᠵᠢᠯ ᠲᠠᠢ ᠤᠶᠠᠯᠳᠤᠭᠤᠯᠤᠨ᠂ ᠡᠷᠦᠬᠡ ᠲᠤᠭᠤᠷᠢᠵᠤ ᠲᠠᠶᠢᠯᠪᠤᠷᠢᠯᠠᠬᠤ᠂ ᠸᠢᠴᠠᠲ ᠲᠠᠪᠴᠠᠩ ᠢᠶᠠᠷ | ᠤᠬᠠᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ | ᠴᠠᠭᠠᠵᠠᠯᠠᠬᠤ ᠲᠦᠷᠢᠮ︾ ᠤᠨ ᠤᠬᠠᠭᠤᠯᠭ᠎ᠠ ᠬᠥᠮᠦᠵᠢᠯ ᠪᠠ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ | ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠨ ᠬᠢᠵᠦ᠂ ᠥᠷᠭᠡᠨ ᠣᠯᠠᠨ ᠲᠠᠷᠢᠶᠠᠴᠢᠳ ᠢ | ᠵᠢᠯᠤᠭᠤᠳᠤᠨ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠤᠯᠠᠮ ᠬᠦᠨᠵᠡᠬᠡᠢ | ᠲᠠᠨᠢᠭᠤᠯᠪᠠ᠃ ᠡᠨᠡ ᠵᠢᠯ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠨᠡᠶᠢᠲᠡ 10 ᠤᠳᠠᠭ᠎ᠠ ᠶᠢᠨ | ᠤᠬᠠᠭᠤᠯᠭ᠎ᠠ ᠥᠷᠨᠢᠭᠦᠯᠵᠦ᠂ ᠲᠠᠷᠢᠶᠠᠴᠢᠳ ᠤᠨ ᠠᠮᠢ ᠠᠬᠤᠶ ᠶᠢᠨ ᠬᠠᠮᠠᠭᠠᠯᠠᠯᠲᠠ ᠳᠤ ᠣᠷᠣᠯᠴᠠᠬᠤ ᠢᠳᠡᠪᠬᠢᠵᠢᠯ ᠢ | ᠲᠡᠭᠡᠭᠰᠢᠯᠡᠬᠦᠯᠦᠨ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ | ᠠᠵᠢᠯᠯᠠᠭᠠᠨ ᠤ ᠤᠬᠠᠮᠰᠠᠷ ᠢ ᠲᠡᠭᠡᠭᠰᠢᠯᠡᠬᠦᠯᠵᠡᠢ᠃ |