7 ᠰᠠᠷ᠎ᠠ ᠶᠢᠨ 19 ᠤ ᠡᠳᠦᠷ᠂ ᠪᠤᠤᠴᠠᠩ ᠪᠠᠯᠭᠠᠰᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ | ᠳᠤᠭᠤᠶᠢᠯᠠᠩ ᠤᠨ 2024 ᠣᠨ ᠤ ᠨᠠᠢᠮᠠᠳᠤᠭᠠᠷ ᠤᠳᠠᠭᠠᠨ ᠤ ᠰᠤᠷᠤᠯᠴᠠᠯᠭ᠎ᠠ ᠵᠢᠴᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠶ ᠰᠡᠳᠦᠪᠲᠦ ᠰᠤᠳᠤᠯᠤᠨ | ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ ᠢ ᠡᠷᠬᠢᠯᠡᠨ᠂ | ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ ᠬᠤᠷᠠᠯ ᠲᠡᠭᠡᠷ᠎ᠡ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭᠠᠨ | ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ︽ᠰᠢ ᠶᠢᠨ | ᠫᠢᠩ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾᠂ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣ ᠥᠭᠦᠯᠡᠯᠲᠡ︾ ᠶᠢᠨ ᠬᠡᠰᠡᠭ ᠠᠭᠤᠯᠭ᠎ᠠ ᠶᠢ | ᠬᠠᠮᠲᠤᠪᠠᠷ ᠰᠤᠷᠤᠯᠴᠠᠭᠰᠠᠨ ᠤ ᠳᠠᠷᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠭᠤᠣᠯ ᠰᠡᠳᠦᠪ ᠤᠨ ᠲᠣᠭᠤᠷᠢᠨ ᠳᠤ᠂ ᠪᠠᠯᠭᠠᠰᠤᠨ ᠤ ᠬᠥᠭᠵᠢᠯᠲᠡ ᠶᠢᠨ ᠪᠣᠳᠠᠲᠤ ᠪᠠᠶᠢᠳᠠᠯ | ᠪᠣᠯᠤᠨ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠵᠤ ᠰᠠᠨᠠᠯ ᠢᠶᠠᠨ ᠰᠤᠯᠢᠯᠴᠠᠨ ᠰᠤᠳᠤᠯᠤᠨ ᠶᠠᠷᠢᠯᠴᠠᠵᠠᠢ᠃ | ᠬᠤᠷᠠᠯ ᠳᠤ ᠤᠷᠤᠯᠴᠠᠵᠤ ᠵᠢᠭᠠᠨ ᠵᠢᠯᠤᠭᠤᠳᠤᠭᠰᠠᠨ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ | ᠳᠡᠳ᠋ ᠳᠠᠷᠤᠭ᠎ᠠ ᠵᠣᠣ ᠮᠧᠶ ᠯᠢ ᠠᠴᠠ ᠡᠨᠡ ᠤᠳᠠᠭᠠᠨ ᠤ ᠰᠤᠷᠤᠯᠴᠠᠯᠭ᠎ᠠ ᠶᠢ ᠬᠦᠢᠴᠡᠳ ᠨᠤᠳᠠᠯᠠᠭᠰᠠᠨ ᠤ ᠬᠠᠮᠲᠤ | ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠ | ᠨᠢᠭᠡᠳᠦᠯᠲᠡᠶ ᠲᠦᠯᠦᠪᠵᠢᠬᠦᠯᠬᠦ ᠪᠠᠨ ᠴᠢᠩᠭᠠᠳᠬᠠᠵᠤ᠂ ᠰᠤᠷᠤᠯᠴᠠᠯᠭ᠎ᠠ ᠶᠢᠨ ᠰᠡᠳᠬᠢᠴᠡ ᠪᠠ ᠠᠷᠭ᠎ᠠ ᠶᠢ ᠴᠢᠩᠭᠠᠳᠬᠠᠨ | ᠰᠠᠶᠢᠵᠢᠷᠠᠭᠤᠯᠬᠤ ᠬᠡᠷᠡᠭᠲᠡᠶ᠃ ᠰᠤᠷᠤᠯᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠦᠨᠳᠦᠰᠦ ᠪᠠ ᠴᠠᠭ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ | ᠤᠨᠤᠯ ᠢ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠨ᠂ | ︽ᠰᠤᠷᠤᠯᠴᠠᠬᠤ ᠶᠢᠨ ᠳᠤᠮᠳᠠ ᠠᠵᠢᠯᠯᠠᠵᠤ᠂ ᠠᠵᠢᠯᠯᠠᠬᠤ ᠶᠢᠨ ᠳᠤᠮᠳᠠ ᠰᠤᠷᠤᠯᠴᠠᠬᠤ︾ ᠶᠢ ᠦᠨᠡᠨᠬᠦ | ᠪᠡᠶᠡᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠣᠳᠠᠲᠠᠢ ᠠᠵᠢᠯ ᠤᠨ ᠦᠷ᠎ᠡ ᠪᠦᠲᠦᠮᠵᠢ ᠪᠣᠯᠭᠠᠨ | ᠬᠤᠪᠢᠷᠠᠭᠤᠯᠬᠤ ᠬᠡᠷᠡᠭᠲᠡᠢ ᠬᠡᠵᠦ ᠱᠠᠭᠠᠷᠳᠠᠯᠭ᠎ᠠ ᠲᠠᠯᠪᠢᠭᠰᠠᠨ ᠪᠠᠶᠢᠨ᠎ᠠ᠃ ᠸᠠᠩ ᠰᠢ ᠪᠢᠨ ᠢᠯᠡᠷᠭᠡᠶᠢᠯᠡᠬᠦ ᠳᠡᠭᠡᠨ᠂ | ᠪᠤᠤᠴᠠᠩ ᠪᠠᠯᠭᠠᠰᠤᠨ ᠤ ᠨᠠᠮ ᠤᠨ ᠬᠤᠷᠢᠶ᠎ᠠ ᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ | ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠬᠠᠶ ᠴᠢᠬᠤᠯᠠ ᠥᠭᠦᠯᠡᠯᠲᠡ ᠶᠢ ᠨᠠᠷᠢᠨ | ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠵᠢᠱᠢᠶ᠎ᠡ ᠦᠵᠡᠭᠦᠯᠬᠦ | ᠦᠢᠯᠡᠳᠦᠯ ᠢ ᠭᠦᠢᠴᠡᠳ ᠪᠠᠳᠠᠷᠠᠭᠤᠯᠤᠨ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠳᠣᠪᠤᠶᠢᠯᠭᠠᠵᠤ᠂ ︽ | ᠵᠣᠩᠬᠢᠯᠠᠬᠤ ᠣᠯᠠᠨ ᠲᠣᠭᠠᠲᠠᠨ︾ ᠢ ᠳᠠᠶᠢᠴᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ ᠬᠡᠵᠡᠢ᠃ |