ᠪᠥᠬᠦ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠪᠠ ᠵᠠᠬᠢᠳᠠᠯ ᠰᠣᠷᠪᠤᠯᠵᠢᠯᠠᠭ᠎ᠠ ᠶᠢᠨ ᠡᠮᠬᠢ ᠳᠢᠭᠯᠢᠮ ᠢ | ᠬᠠᠮᠠᠭᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠶᠢ ᠲᠦᠷᠢᠮᠵᠢᠬᠦᠯᠦᠨ᠂ ᠵᠠᠬᠢᠳᠠᠯ ᠰᠤᠷᠪᠤᠯᠵᠢᠯᠠᠭ᠎ᠠ | ᠬᠢᠭᠰᠡᠳ ᠤᠨ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠡᠷᠬᠡ ᠠᠰᠢᠭ ᠢᠶᠠᠨ ᠬᠠᠮᠠᠭᠠᠯᠠᠬᠤ ᠶᠢ ᠵᠢᠯᠣᠭᠤᠳᠴᠤ᠂ | ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ | ᠳᠤᠮᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠬᠤ ᠪᠠ ᠵᠠᠯᠬᠠᠭᠠᠨ | ᠰᠢᠳᠬᠡᠬᠦ ᠶᠢᠨ ᠲᠥᠯᠥᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠬᠦᠦ ᠶᠢᠨ ᠵᠠᠷᠭᠤ ᠶᠢᠨ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠷᠠᠯ ᠴᠤᠭᠯᠠᠭᠠᠨ ᠰᠦᠷᠳᠦ ᠵᠢᠬᠰᠠᠭᠠᠯ ᠤᠨ ᠬᠠᠤᠯᠢ︾ ︽ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠲᠦᠷᠢᠮ︾᠂ ︽ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠤ ︿ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ | ᠳᠤᠮᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠲᠤᠬᠠᠶ | ᠵᠢᠯᠣᠭᠤᠳᠬᠤ ᠰᠠᠨᠠᠯ﹀︾ ᠪᠠ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶᠠᠨ ᠤ ︽ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠠᠯᠬᠤᠮ ᠶᠠᠪᠤᠴᠠ ᠶᠢ ᠴᠢᠨᠠᠭᠰᠢᠳᠠ | ᠲᠦᠷᠢᠮᠵᠢᠬᠦᠯᠦᠨ ᠵᠠᠬᠢᠳᠠᠯ ᠰᠤᠷᠪᠤᠯᠵᠢᠯᠠᠭ᠎ᠠ ᠬᠢᠭᠰᠡᠳ ᠢ ᠵᠢᠯᠤᠭᠤᠳᠴᠤ ᠬᠠᠤᠯᠢ ᠶᠣᠰᠣᠭᠠᠷ ᠱᠠᠲᠤ ᠳᠠᠷᠠᠭᠠᠯᠠᠨ | ᠰᠤᠷᠪᠤᠯᠵᠢᠯᠠᠭ᠎ᠠ ᠬᠢᠯᠬᠡᠬᠦ ᠠᠷᠭ᠎ᠠ︾ ᠵᠡᠷᠭᠡ ᠬᠠᠤᠯᠢ ᠲᠦᠷᠢᠮ ᠪᠠ ᠬᠠᠮᠢᠶ᠎ᠠ ᠪᠦᠬᠦᠢ ᠬᠠᠤᠯᠢ ᠶᠢᠨ ᠲᠠᠶᠢᠯᠤᠮᠵᠢ ᠶᠢ | ᠦᠨᠳᠦᠰᠦᠯᠡᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤᠮᠳᠠᠬᠢ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠲᠤᠬᠠᠶ ᠳᠣᠤᠷᠠᠬᠢ ᠮᠡᠲᠦ ᠵᠠᠷᠯᠠᠨ ᠮᠡᠳᠡᠭᠳᠡᠪᠠ᠄ | ᠨᠢᠭᠡ᠂ ᠵᠠᠬᠢᠳᠠᠯ ᠰᠤᠷᠪᠤᠯᠵᠢᠯᠠᠭ᠎ᠠ ᠬᠢᠬᠦ ᠶᠠᠪᠤᠴᠠ ᠳᠤ ᠬᠠᠤᠯᠢ ᠲᠦᠷᠢᠮ ᠢ ᠡᠷᠭᠡᠪᠰᠢ ᠵᠢᠷᠤᠮᠯᠠᠬᠤ ᠬᠡᠷᠡᠭᠲᠡᠶ᠂ | ᠤᠯᠤᠰ᠂ ᠨᠡᠶᠢᠭᠡᠮ᠂ ᠬᠠᠮᠲᠤ ᠶᠢᠨ ᠠᠰᠢᠭ ᠲᠤᠰᠠ ᠪᠣᠯᠤᠨ ᠪᠤᠰᠤᠳ ᠠᠷᠠᠳ ᠢᠷᠭᠡᠳ ᠤᠨ ᠬᠠᠤᠯᠢ ᠶᠣᠰᠣᠨ ᠤ ᠡᠷᠬᠡ | ᠠᠰᠢᠭ ᠢ ᠬᠤᠬᠢᠷᠠᠭᠤᠯᠵᠤ ᠪᠣᠯᠬᠤ ᠦᠭᠡᠶ᠂ ᠨᠡᠶᠢᠭᠡᠮ ᠨᠡᠶᠢᠲᠡ ᠶᠢᠨ ᠡᠮᠬᠢ ᠳᠢᠭᠯᠢᠮ ᠪᠣᠯᠤᠨ ᠵᠠᠬᠢᠳᠠᠯ ᠰᠤᠷᠪᠤᠯᠵᠢᠯᠠᠭ᠎ᠠ | ᠶᠢᠨ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠵᠤ᠂ ᠳᠣᠤᠷᠠᠬᠢ ᠱᠠᠭᠠᠷᠳᠠᠯᠭ᠎ᠠ ᠶᠣᠰᠣᠭᠠᠷ ᠵᠠᠬᠢᠳᠠᠯ | ᠰᠤᠷᠪᠤᠯᠵᠢᠯᠠᠭ᠎ᠠ ᠬᠢᠨ᠎ᠡ᠃ | ︵ᠨᠢᠭᠡ︶ ᠵᠠᠬᠢᠳᠠᠯ ᠰᠤᠷᠪᠤᠯᠵᠢᠯᠠᠭ᠎ᠠ ᠬᠢᠬᠦ ᠳᠡᠭᠡᠨ ᠰᠢᠢᠳᠪᠦᠷᠢᠯᠡᠬᠦ ᠡᠷᠭᠡ ᠲᠠᠢ ᠲᠤᠰ ᠱᠠᠳᠤ ᠪᠤᠶᠤ ᠲᠡᠭᠡᠷ᠎ᠡ | ᠨᠢᠭᠡ ᠱᠠᠳᠤᠨ ᠤ ᠪᠠᠶᠢᠭᠤᠯᠭ᠎ᠠ ᠳᠤ ᠬᠠᠤᠯᠢ ᠶᠤᠰᠤᠭᠠᠷ ᠲᠤᠷᠠᠳᠬᠤ ᠬᠡᠷᠡᠭᠲᠠᠢ᠃ ᠵᠠᠬᠢᠳᠠᠯ ᠰᠤᠷᠪᠤᠯᠵᠢᠯᠠᠭ᠎ᠠ ᠶᠢ | ᠨᠢᠭᠡᠨᠲᠡ ᠬᠦᠯᠢᠶᠡᠨ ᠠᠪᠴᠤ ᠰᠢᠢᠳᠪᠦᠷᠢᠯᠡᠭᠰᠡᠨ ᠪᠤᠶᠤ ᠶᠠᠭ ᠰᠢᠢᠳᠪᠦᠷᠢᠯᠡᠵᠦ ᠪᠠᠶᠢᠭ᠎ᠠ ᠦᠶᠡᠰ ᠠᠳᠠᠯᠢ ᠨᠢᠭᠡᠨ | ᠵᠠᠬᠢᠳᠠᠯ ᠰᠤᠷᠪᠤᠯᠵᠢᠯᠠᠭ᠎ᠠ ᠶᠢ ᠳᠠᠬᠢᠨ ᠲᠤᠷᠠᠳᠪᠠᠯ ᠬᠦᠯᠢᠶᠡᠨ ᠠᠪᠴᠤ ᠰᠢᠢᠳᠪᠦᠷᠢᠯᠡᠬᠦ ᠦᠭᠡᠶ᠃ | ︵ᠬᠤᠶᠠᠷ︶ ᠵᠠᠬᠢᠳᠠᠯ ᠰᠤᠷᠪᠤᠯᠵᠢᠯᠠᠭ᠎ᠠ ᠬᠢᠬᠦ ᠳᠡᠭᠡᠨ ᠰᠢᠢᠳᠪᠦᠷᠢᠯᠡᠬᠦ ᠡᠷᠬᠡ ᠲᠠᠢ᠂ ᠲᠣᠭᠲᠠᠭᠰᠠᠨ ᠬᠦᠯᠢᠶᠡᠨ | ᠠᠪᠬᠤ ᠭᠠᠵᠠᠷ ᠲᠤ ᠤᠴᠢᠬᠤ ᠬᠡᠷᠡᠭᠲᠡᠶ᠃ ᠬᠠᠮᠲᠤ ᠶᠢᠨ ᠵᠠᠬᠢᠳᠠᠯ ᠰᠤᠷᠪᠤᠯᠵᠢᠯᠠᠭ᠎ᠠ ᠶᠢ ᠬᠢᠬᠦ ᠳᠤ ᠬᠠᠮᠤᠭ ᠤᠯᠠᠨ | ᠳᠠᠭᠠᠨ 5 ᠲᠥᠯᠥᠭᠡᠯᠡᠭᠴᠢ ᠲᠤᠮᠢᠯᠠᠨ᠎ᠠ᠃ | ︵ᠭᠤᠷᠪᠠ︶ ᠬᠠᠤᠯᠢ ᠪᠠ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠬᠢᠬᠦ ᠳᠤ ᠬᠠᠤᠯᠢ ᠶᠢᠨ | ᠠᠯᠬᠤᠮ ᠶᠠᠪᠤᠴᠠ ᠪᠤᠶᠤ ᠵᠠᠰᠠᠭ ᠵᠠᠬᠢᠷᠭᠠᠨ ᠤ ᠠᠪᠤᠷᠠᠨ ᠲᠡᠳᠬᠦᠬᠦ ᠠᠯᠬᠤᠮ ᠶᠠᠪᠤᠴᠠ ᠪᠠᠷ ᠲᠠᠮᠵᠢᠨ ᠬᠤᠯᠪᠣᠭᠳᠠᠯ | ᠪᠦᠬᠦᠢ ᠲᠥᠷᠥ ᠶᠢᠨ ᠪᠠᠶᠢᠭᠤᠯᠭ᠎ᠠ ᠳᠤ ᠳᠤᠷᠠᠳᠴᠤ᠂ ᠵᠠᠷᠭᠤ ᠬᠢᠬᠦ᠂ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ | ᠤ ᠳᠠᠬᠢᠨ ᠵᠥᠪᠯᠡᠬᠦ ᠵᠡᠷᠭᠡ ᠬᠠᠤᠯᠢ ᠪᠠᠷ ᠲᠣᠭᠲᠠᠭᠠᠭᠰᠠᠨ ᠠᠷᠭ᠎ᠠ ᠵᠠᠮ ᠢᠶᠠᠷ ᠰᠢᠢᠳᠪᠦᠷᠢᠯᠡᠬᠦ ᠬᠡᠷᠡᠭᠲᠡᠶ᠃ | ︵ᠲᠦᠷᠪᠡ︶ ᠵᠠᠬᠢᠳᠠᠯ ᠰᠤᠷᠪᠤᠯᠵᠢᠯᠠᠭ᠎ᠠ ᠬᠢᠬᠦ ᠳᠤ ᠪᠤᠰᠤᠳᠴᠢ ᠪᠥᠭᠡᠳ ᠦᠨᠡᠨ ᠪᠣᠳᠠᠲᠠᠶ ᠪᠠᠶᠢᠵᠤ᠂ | ᠬᠠᠩᠭᠠᠭᠰᠠᠨ ᠮᠠᠲ᠋ᠧᠷᠢᠶᠠᠯ ᠤᠨ ᠦᠨᠡᠨ ᠪᠤᠳᠠᠳᠤ ᠴᠢᠨᠠᠷ ᠢ ᠪᠠᠳᠤᠯᠠᠬᠤ ᠬᠡᠷᠡᠭᠲᠡᠶ᠂ ᠬᠡᠷᠡᠭ ᠶᠠᠪᠤᠳᠠᠯ ᠢ ᠬᠤᠳᠠᠯ ᠢᠶᠠᠷ | ᠵᠣᠬᠢᠶᠠᠵᠤ᠂ ᠭᠠᠵᠢᠭᠤᠳᠠᠭᠤᠯᠵᠤ ᠪᠣᠯᠬᠤ ᠦᠭᠡᠶ᠂ ᠪᠤᠰᠤᠳ ᠢ ᠭᠦᠳᠬᠡᠨ ᠬᠦᠵᠢᠷᠯᠡᠵᠦ ᠪᠣᠯᠬᠤ ᠦᠭᠡᠶ᠃ | ᠬᠤᠶᠠᠷ᠂ ᠳᠣᠤᠷᠠᠬᠢ ᠪᠠᠶᠢᠳᠠᠯ ᠳᠤ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠠᠴᠠ ᠢᠳᠬᠠᠨ ᠬᠤᠷᠢᠭᠯᠠᠵᠤ᠂ | ᠰᠤᠷᠭᠠᠨ ᠬᠥᠮᠦᠵᠢᠭᠦᠯᠦᠭᠡᠳ ᠦᠢᠯᠡᠳᠦᠯ ᠭᠠᠷᠬᠤ ᠦᠬᠡᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ | ᠲᠦᠷᠢᠮ ᠢ ᠵᠥᠷᠢᠴᠡᠭᠰᠡᠨ ᠪᠤᠶᠤ ᠪᠤᠰᠤᠳ ᠬᠠᠤᠯᠢ ᠲᠦᠷᠢᠮ ᠢ ᠵᠥᠷᠢᠴᠡᠭᠰᠡᠨ ᠪᠣᠯ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠦᠢᠯᠡ ᠠᠵᠢᠯᠯᠠᠭ᠎ᠠ ᠶᠢᠨ | ᠰᠢᠨᠵᠢ ᠴᠢᠨᠠᠷ ᠢ ᠨᠢ ᠦᠨᠳᠦᠰᠦᠯᠡᠨ ᠵᠠᠰᠠᠭ ᠵᠠᠬᠢᠷᠭᠠᠨ ᠤ ᠰᠢᠳᠬᠡᠯ ᠥᠭᠴᠦ᠂ ᠶᠠᠯᠠᠳᠤ ᠠᠵᠢᠯᠯᠠᠭ᠎ᠠ ᠪᠤᠯᠤᠭᠰᠠᠨ ᠪᠣᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠬᠠᠤᠯᠢ ᠪᠠᠷ ᠲᠣᠭᠲᠠᠭᠠᠭᠰᠠᠨ ᠠᠯᠬᠤᠮ ᠶᠠᠪᠤᠴᠠ ᠠᠴᠠ ᠵᠦᠷᠢᠴᠡᠵᠦ ᠵᠠᠬᠢᠳᠠᠯ ᠰᠤᠷᠪᠤᠯᠵᠢᠯᠠᠭ᠎ᠠ ᠶᠢᠨ | ᠡᠮᠬᠢ ᠵᠢᠷᠤᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ᠃ | 1. ᠵᠠᠬᠢᠳᠠᠯ ᠰᠤᠷᠪᠤᠯᠵᠢᠯᠠᠭ᠎ᠠ ᠶᠢ ᠨᠢᠭᠡᠨᠲᠡ ᠬᠦᠯᠢᠶᠡᠨ ᠠᠪᠤᠭᠰᠠᠨ ᠪᠥᠭᠡᠳ ᠶᠠᠭ ᠰᠢᠢᠳᠪᠦᠷᠢᠯᠡᠵᠦ ᠪᠠᠶᠢᠭ᠎ᠠ | ᠬᠤᠭᠤᠴᠠᠭᠠᠨ ᠳᠤ ᠦᠷᠬᠦᠯᠵᠢᠯᠡᠨ ᠱᠠᠳᠤ ᠠᠯᠤᠰᠯᠠᠨ ᠵᠠᠭᠠᠯᠳᠤᠵᠤ ᠰᠤᠷᠪᠤᠯᠵᠢᠯᠠᠵᠤ᠂ ᠵᠠᠬᠢᠳᠠᠯ ᠰᠤᠷᠪᠤᠯᠵᠢᠯᠠᠭ᠎ᠠ | ᠬᠢᠭᠰᠡᠳ ᠤᠨ ᠵᠦᠢ ᠶᠤᠰᠤᠨ ᠤ ᠬᠦᠰᠡᠯ ᠱᠠᠭᠠᠷᠳᠠᠯᠭ᠎ᠠ ᠶᠢ ᠨᠢᠭᠡᠨᠳᠡ ᠲᠦᠷᠦ ᠶᠢᠨ ᠪᠤᠳᠤᠯᠭ᠎ᠠ᠂ ᠬᠠᠤᠯᠢ ᠲᠦᠷᠢᠮ ᠤᠨ | ᠲᠠᠭᠠᠤ ᠲᠤᠬᠢᠷᠠᠮᠵᠢᠳᠠᠢ ᠰᠢᠢᠳᠪᠦᠷᠢᠯᠡᠭᠰᠡᠨ ᠪᠤᠯᠪᠠᠴᠤ ᠦᠷᠬᠦᠯᠵᠢᠯᠡᠨ ᠲᠡᠭᠡᠳᠦ ᠱᠠᠳᠤᠨ ᠳᠤ ᠵᠠᠭᠠᠯᠳᠤᠨ | ᠰᠤᠷᠪᠤᠯᠵᠢᠯᠠᠵᠤ᠂ ᠠᠳᠠᠯᠢ ᠨᠢᠭᠡᠨ ᠤᠴᠢᠷ ᠪᠠ ᠰᠢᠯᠳᠠᠭᠠᠨ ᠢᠶᠠᠷ ᠵᠠᠬᠢᠳᠠᠯᠰᠤᠷᠪᠤᠯᠵᠢᠯᠠᠭᠠ ᠬᠢᠬᠦ ᠪᠤᠶᠤ ᠲᠦᠷᠦ ᠶᠢᠨ | ᠪᠤᠳᠤᠯᠭ᠎ᠠ᠂ ᠬᠠᠤᠯᠢ ᠲᠦᠷᠢᠮ ᠠᠴᠠ ᠲᠠᠪᠠᠭᠰᠠᠨ ᠱᠠᠭᠠᠷᠳᠠᠯᠭ᠎ᠠ ᠲᠤᠷᠠᠳᠬᠤ᠃ ᠵᠠᠬᠢᠳᠠᠯ ᠰᠣᠷᠪᠤᠯᠵᠢᠯᠠᠭ᠎ᠠ ᠶᠢᠨ | ᠵᠦᠢᠯᠡᠰ ᠢ ᠨᠢᠭᠡᠨᠲᠡ ᠬᠠᠤᠯᠢ ᠶᠣᠰᠤᠭᠠᠷ ᠰᠢᠢᠳᠪᠦᠷᠢᠯᠡᠭᠰᠡᠨ ᠮᠦᠷᠲᠡᠭᠡᠨ ᠰᠶᠢᠳᠪᠦᠷᠢᠯᠡᠭᠰᠡᠨ ᠪᠠᠶᠢᠳᠠᠯ ᠢ ᠨᠢᠭᠡᠨᠲᠡ | ᠲᠣᠳᠤᠷᠬᠠᠢ ᠮᠡᠳᠡᠭᠳᠡᠭᠰᠡᠨ ᠪᠠᠶᠢᠳᠠᠯ᠎ᠠ ᠦᠷᠬᠦᠯᠵᠢᠯᠡᠨ ᠤᠳᠠᠰᠤ᠂ ᠵᠠᠬᠢᠳᠠᠯ᠂ ᠰᠦᠯᠵᠢᠶ᠎ᠡ ᠪᠠᠷ ᠵᠠᠭᠠᠯᠳᠤᠯᠭ᠎ᠠ ᠬᠢᠵᠦ | ᠦᠢᠮᠡᠬᠦᠯᠬᠦ᠃ | 2. ᠬᠠᠤᠯᠢ ᠳᠤ ᠲᠣᠭᠲᠠᠭᠠᠭᠰᠠᠨ ᠠᠷᠭ᠎ᠠ ᠵᠠᠮ ᠢᠶᠠᠷ ᠵᠠᠬᠢᠳᠠᠯ ᠰᠤᠷᠪᠤᠯᠵᠢᠯᠭ᠎ᠠ ᠬᠢᠬᠦ ᠶᠢ ᠲᠡᠪᠴᠢᠵᠦ᠂ ᠲᠠᠬᠢᠨ | ᠲᠠᠪᠳᠠᠨ ᠵᠠᠭᠠᠯᠳᠤᠵᠤ᠂ ᠵᠢᠭᠤᠷᠠᠯᠳᠤᠵᠤ᠂ ᠦᠢᠮᠡᠬᠦᠯᠬᠦ᠃ | 3. ᠨᠦᠭᠦᠪᠤᠷᠢ ᠦᠭᠭᠦ ᠬᠡᠯᠡᠯᠴᠡᠭᠡᠷ ᠳᠣᠬᠲᠠᠬᠰᠠᠨ ᠪᠦᠭᠡᠳ ᠨᠦᠬᠦᠪᠦᠷᠢ ᠶᠢ ᠨᠢᠬᠡᠨᠳᠡ ᠤᠯᠭᠤᠭᠰᠠᠨ᠂ | ᠡᠰᠡᠬᠦᠯ᠎ᠡ ᠵᠠᠭᠢᠲᠠᠯ ᠰᠣᠷᠪᠤᠯᠵᠢᠯᠠᠭ᠎ᠠ ᠶᠢ ᠨᠢᠬᠡᠨᠳᠡ ᠰᠢᠢᠣᠠᠪᠤᠷᠢᠯᠠᠵᠤ ᠲᠠᠭᠤᠰᠬᠠᠬᠰᠠᠨ ᠪᠠᠶᠢᠳᠠᠯ᠎ᠠ ᠠᠲᠠᠯᠢ ᠤᠴᠢᠷ ᠪᠠ | ᠰᠢᠯᠲᠠᠭᠠᠨ ᠢᠶᠠᠷ ᠬᠠᠣᠯᠢ ᠲᠦᠷᠢᠮ ᠳᠦᠷᠤ ᠶᠢᠨ ᠪᠤᠲᠣᠯᠭ᠎ᠠ ᠠᠴᠠ ᠲᠠᠪᠠᠭᠰᠠᠨ ᠱᠠᠭᠠᠷᠲᠠᠯᠭ᠎ᠠ ᠲᠤᠷᠠᠳᠴᠤ᠂ ᠲᠠᠬᠢᠨ | ᠲᠠᠪᠳᠠᠨ ᠰᠣᠷᠪᠤᠯᠵᠢᠯᠠᠨ ᠵᠠᠭᠠᠯᠳᠤᠬᠤ᠃ | 4. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠠᠷᠠᠳ ᠤᠨ ᠰᠢᠭᠦᠬᠦ ᠬᠤᠷᠢᠶ᠎ᠠ | ᠠᠴᠠ ᠶᠠᠭ ᠲᠤᠷᠰᠢᠨ ᠪᠠᠶᠢᠴᠠᠭᠠᠬᠤ ᠪᠤᠶᠤ ᠰᠢᠭᠦᠨ ᠲᠠᠰᠤᠯᠵᠤ ᠪᠠᠶᠢᠬᠤ ᠳᠤ ᠲᠤᠬᠠᠢ ᠶᠢᠨ ᠬᠥᠮᠥᠨ ᠪᠤᠶᠤ ᠬᠤᠯᠪᠣᠭᠳᠠᠯ | ᠪᠦᠬᠦᠢ ᠬᠥᠮᠥᠰ ᠨᠢ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠤᠭᠳᠠᠭᠰᠠᠨ ᠭᠠᠵᠠᠷ ᠲᠤ ᠬᠦᠷᠴᠦ | ᠰᠤᠷᠪᠤᠯᠵᠢᠯᠠᠬᠤ ᠦᠭᠡᠢ᠂ ᠠᠬᠤᠢ ᠲᠠᠯᠠᠪᠠᠢ ᠶᠢᠨ ᠬᠠᠮᠢᠶᠠᠷᠤᠯᠲᠠ ᠶᠢ ᠳᠠᠭᠠᠬᠤ ᠦᠭᠡᠢ᠂ ᠪᠠᠶᠢᠭᠤᠯᠭ᠎ᠠ ᠶᠢᠨ ᠠᠵᠢᠯ ᠤᠨ | ᠡᠮᠬᠢ ᠵᠢᠷᠤᠮ ᠢ ᠰᠠᠮᠠᠭᠤᠷᠠᠭᠤᠯᠬᠤ ᠪᠤᠶᠤ ᠨᠡᠶᠢᠬᠡᠮ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠬᠤ᠃ ᠠᠷᠠᠳ ᠤᠨ | ᠰᠢᠬᠦᠬᠦ ᠬᠤᠷᠢᠶᠠᠨ ᠤ ᠰᠢᠬᠦᠨ ᠲᠠᠰᠤᠯᠤᠯᠳᠠ ᠪᠤᠶᠤ ᠡᠶᠡᠳᠡᠬᠦᠯᠬᠡ ᠶᠢᠨ ᠪᠢᠴᠢᠭ ᠬᠠᠷ᠎ᠠ ᠬᠦᠴᠦᠨ ᠲᠠᠢ ᠪᠤᠯᠤᠭᠰᠠᠨ ᠤ | ᠲᠠᠷᠠᠭ᠎ᠠ᠂ ᠡᠰᠡᠬᠦᠯ᠎ᠡ ᠰᠢᠢᠳᠪᠦᠷᠢᠯᠡᠬᠦ ᠡᠷᠭᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠤᠯᠢ ᠶᠤᠰᠤᠭᠠᠷ | ᠰᠢᠢᠳᠪᠤᠷᠢᠯᠡᠵᠤ ᠲᠠᠭᠤᠰᠬᠠᠭᠰᠠᠨ ᠪᠠᠶᠢᠬᠤ ᠳᠤ ᠬᠠᠤᠯᠢ ᠲᠦᠷᠢᠮ ᠤᠨ ᠲᠤᠭᠳᠠᠭᠠᠯ ᠢ ᠦᠯᠦ ᠭᠡᠷᠡᠭᠵᠢᠬᠦᠯᠬᠦ᠃ | ᠬᠦᠴᠦᠨ ᠲᠠᠢ ᠪᠣᠯᠤᠭᠰᠠᠨ ᠰᠢᠬᠦᠨ ᠲᠠᠰᠤᠯᠤᠯᠳᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠡᠭᠦᠷᠭᠡ ᠶᠢ | ᠭᠦᠢᠴᠡᠳᠬᠡᠬᠦ ᠦᠭᠡᠢ᠂ ᠬᠠᠤᠯᠢ ᠳᠤ ᠲᠣᠭᠲᠠᠭᠠᠭᠰᠠᠨ ᠠᠯᠬᠤᠮ ᠶᠠᠪᠤᠴᠠ ᠪᠠᠷ ᠵᠦᠢ ᠶᠣᠰᠣᠨ ᠤ ᠭᠤᠮᠣᠳᠠᠯ | ᠱᠠᠭᠠᠷᠳᠠᠯᠭ᠎ᠠ ᠪᠠᠨ ᠢᠯᠡᠳᠬᠡᠬᠦ ᠦᠭᠡᠢ᠂ ᠵᠣᠷᠢᠭᠤᠳᠠ ᠵᠢᠭᠤᠷᠠᠯᠳᠤᠨ ᠰᠤᠷᠪᠤᠯᠵᠢᠯᠠᠬᠤ᠂ ᠦᠢᠮᠡᠭᠦᠯᠦᠨ ᠰᠤᠷᠪᠤᠯᠵᠢᠯᠠᠬᠤ | ᠪᠤᠶᠤ ᠲᠠᠬᠢᠨ ᠳᠠᠪᠲᠠᠨ ᠱᠠᠲᠤ ᠠᠯᠤᠰᠯᠠᠨ ᠵᠠᠭᠠᠯᠳᠤᠯᠭ᠎ᠠ ᠬᠢᠵᠦ᠂ ᠪᠠᠶᠢᠭᠤᠯᠭ᠎ᠠ ᠨᠢᠭᠡᠴᠡ ᠪᠠ ᠨᠡᠶᠢᠬᠡᠮ ᠨᠡᠶᠢᠲᠡ ᠶᠢᠨ | ᠡᠮᠬᠢ ᠵᠢᠷᠤᠮ ᠢ ᠰᠠᠮᠠᠭᠤᠷᠠᠭᠤᠯᠬᠤ᠃ | 5. ᠲᠠᠪᠤ ᠠᠴᠠ ᠳᠡᠭᠡᠭᠰᠢ ᠬᠥᠮᠦᠨ ᠬᠠᠮᠲᠤ ᠪᠠᠷ ᠰᠤᠷᠪᠤᠯᠵᠢᠯᠠᠬᠤ ᠳᠠᠭᠠᠨ ︽ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠲᠦᠷᠢᠮ︾ ᠢ ᠲᠠᠭᠠᠬᠤ ᠦᠬᠡᠢ ᠪᠠᠷ ᠲᠦᠯᠦᠭᠡᠯᠡᠭᠴᠢ ᠲᠤᠮᠢᠯᠠᠬᠤ ᠶᠢ ᠲᠡᠪᠴᠢᠵᠦ᠂ ᠠᠬᠤᠢ ᠲᠠᠯᠠᠪᠠᠢ ᠶᠢᠨ | ᠬᠠᠮᠢᠶᠠᠷᠤᠯᠲᠠ ᠶᠢ ᠲᠠᠭᠠᠬᠤ ᠦᠬᠡᠢ᠂ ᠤᠯᠠᠭᠤᠯᠠ ᠪᠠᠨ ᠴᠤᠭᠯᠠᠷᠠᠵᠤ ᠪᠠᠶᠢᠭᠤᠯᠭ᠎ᠠ ᠨᠢᠭᠡᠴᠡ ᠶᠢᠨ ᠡᠮᠬᠢ ᠲᠢᠭᠯᠢᠮ ᠢ | ᠰᠠᠮᠠᠭᠤᠷᠠᠭᠤᠯᠬᠤ ᠪᠤᠶᠤ ᠨᠡᠶᠢᠬᠡᠮ ᠨᠡᠶᠢᠲᠡ ᠶᠢᠨ ᠡᠮᠬᠢ ᠲᠢᠭᠯᠢᠮ ᠢ ᠰᠠᠮᠠᠭᠤᠷᠠᠭᠤᠯᠬᠤ᠃ | 6. ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠠᠵᠠᠷ ᠲᠤ ᠰᠠᠭᠤᠵᠤ ᠭᠡᠪᠳᠡᠬᠦ ᠮᠠᠶ᠋ᠢᠭ ᠢᠶᠠᠷ ᠭᠡᠷᠡᠭ ᠡᠳᠦᠬᠦ | ᠪᠤᠶᠤ ᠨᠠᠰᠤᠳᠠᠶᠢᠴᠤᠳ᠂ ᠭᠡᠦᠭᠡᠳ ᠪᠠᠭᠠᠴᠤᠳ᠂ ᠡᠪᠡᠳᠴᠢᠨ ᠲᠠᠢ ᠬᠦᠮᠦᠰ ᠢᠶᠠᠨ ᠦᠯᠡᠳᠡᠭᠡᠵᠦ ᠰᠠᠭᠤᠯᠭᠠᠬᠤ᠃ | ︵ᠬᠤᠶᠠᠷ︶ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤᠮᠳᠠ ᠨᠡᠶᠢᠭᠡᠮ ᠨᠡᠶᠢᠲᠡ ᠶᠢᠨ ᠡᠮᠬᠢ ᠳᠢᠭᠯᠢᠮ ᠢ | ᠰᠠᠮᠠᠭᠤᠷᠠᠭᠤᠯᠵᠤ᠂ ᠣᠯᠠᠨ ᠨᠡᠶᠢᠲᠡ ᠶᠢᠨ ᠠᠮᠤᠷ ᠲᠥᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ᠃ | 1. ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠭᠤᠴᠢᠨ ᠨᠢᠭᠡᠳᠦᠭᠡᠷ ᠵᠦᠢᠯ ᠤᠨ ᠨᠢᠭᠡ | ᠬᠤᠶᠠᠷ ᠭᠤᠷᠪᠠ ᠳᠥᠷᠪᠡ ᠲᠠᠪᠤ ᠳ᠋ᠤᠭᠠᠷ ᠵᠤᠷᠪᠤᠰ ᠲᠤ ᠲᠣᠭᠲᠠᠭᠠᠭᠰᠠᠨ ᠳᠡᠰ ᠳᠠᠷᠠᠭᠠᠯᠠᠯ ᠢᠶᠠᠷ ᠵᠠᠬᠢᠳᠠᠯ | ᠰᠤᠷᠪᠤᠯᠵᠢᠯᠠᠭ᠎ᠠ ᠶᠢ ᠰᠢᠢᠳᠪᠦᠷᠢᠯᠡᠨ᠎ᠡ ᠬᠡᠵᠦ ᠲᠤᠳᠤᠷᠬᠠᠢ ᠮᠡᠳᠡᠭᠳᠡᠭᠰᠡᠨ ᠪᠠᠶᠢᠳᠠᠯ᠎ᠠ ᠲᠠᠬᠢᠨ ᠲᠠᠪᠳᠠᠨ ᠵᠠᠭᠠᠯᠳᠤᠵᠤ | ᠦᠢᠮᠡᠬᠦᠯᠬᠦ ᠪᠤᠶᠤ ᠱᠠᠲᠤ ᠠᠯᠤᠰᠯᠠᠨ ᠵᠠᠭᠠᠯᠳᠤᠯᠭ᠎ᠠ ᠬᠢᠵᠦ᠂ ᠪᠠᠶᠢᠭᠤᠯᠭ᠎ᠠ ᠨᠢᠭᠡᠴᠡ ᠶᠢᠨ ᠠᠯᠪᠠᠨ ᠠᠵᠢᠯ ᠪᠠ ᠣᠯᠠᠨ | ᠨᠡᠶᠢᠲᠡ ᠶᠢᠨ ᠡᠮᠬᠢ ᠳᠢᠭᠯᠢᠮ ᠢ ᠰᠠᠮᠠᠭᠤᠷᠠᠭᠤᠯᠬᠤ ᠃ | 2. ᠮᠠᠲ᠋ᠧᠷᠢᠶᠠᠯ ᠢᠶᠠᠨ ᠲᠤᠰᠢᠶᠠᠬᠤ᠂ ᠠᠰᠠᠭᠤᠳᠠᠯ ᠢ ᠲᠤᠰᠬᠠᠬᠤ ᠵᠡᠷᠭᠡ ᠪᠠᠷ ᠰᠢᠯᠲᠠᠭ ᠪᠣᠯᠭᠠᠵᠤ᠂ ᠠᠯᠪᠠᠨ | ᠪᠠᠶᠢᠭᠤᠯᠭ᠎ᠠ ᠪᠠ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠠᠵᠠᠷ ᠢ ᠦᠢᠮᠡᠬᠦᠯᠵᠦ ᠰᠠᠮᠠᠭᠤᠷᠠᠭᠤᠯᠬᠤ ᠪᠤᠶᠤ | ᠬᠠᠮᠳᠤ ᠬᠤᠪᠢ ᠶᠢᠨ ᠡᠳ᠋ ᠪᠣᠳᠠᠰ ᠢ ᠵᠣᠷᠢᠭᠤᠳᠠ ᠡᠪᠳᠡᠨ ᠰᠦᠢᠳᠭᠡᠬᠦ᠃ | 3.ᠠᠯᠪᠠᠨ ᠪᠠᠶᠢᠭᠤᠯᠭ᠎ᠠ ᠪᠠ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠠᠵᠠᠷ ᠲᠤ ᠠᠯᠪᠠᠨ ᠠᠵᠢᠯᠳᠠᠨ ᠢ | ᠠᠶᠤᠯᠭᠠᠨ ᠰᠦᠷᠳᠡᠭᠦᠯᠬᠦ᠂ ᠬᠠᠷᠢᠶᠠᠵᠤ ᠲᠤᠷᠤᠮᠵᠢᠯᠠᠬᠤ᠂ ᠬᠠᠰᠢᠵᠤ ᠪᠦᠰᠡᠯᠡᠬᠦ᠂ ᠴᠤᠬᠢᠵᠤ ᠵᠤᠳᠤᠬᠤ᠂ ᠭᠡᠷᠡᠭ | ᠶᠠᠪᠤᠳᠠᠯ ᠢ ᠭᠠᠵᠢᠭᠤᠳᠠᠭᠤᠯᠤᠨ ᠵᠤᠬᠢᠶᠠᠵᠤ ᠦᠷᠦᠬᠡᠯ ᠪᠤᠰᠤᠳ ᠢ ᠬᠦᠳᠭᠡᠵᠦ ᠬᠦᠵᠢᠷᠯᠡᠬᠦ ᠪᠤᠶᠤ ᠪᠤᠰᠤᠳ ᠤᠨ | ᠪᠡᠶ᠎ᠡ ᠶᠢᠨ ᠡᠷᠭᠡ ᠴᠢᠯᠦᠭᠡ ᠶᠢ ᠬᠠᠤᠯᠢ ᠪᠤᠰᠤ ᠪᠠᠷ ᠡᠵᠡᠮᠳᠡᠵᠤ᠂ ᠠᠯᠪᠠᠨ ᠠᠵᠢᠯᠳᠠᠨ ᠤ ᠠᠵᠢᠯ ᠠᠮᠢᠳᠤᠷᠠᠯ ᠢ | ᠬᠠᠷᠰᠢᠯᠠᠬᠤ᠃ | 4. ᠫᠤᠤ ᠵᠡᠪᠰᠡᠭ᠂ ᠰᠤᠮᠤ ᠳᠠᠷᠢ᠂ ᠬᠢᠳᠤᠭ᠎ᠠ ᠰᠢᠪᠦᠭᠡ᠂ ᠲᠡᠯᠪᠡᠷᠡᠮᠡᠳᠡᠭᠡᠢ᠂ ᠬᠤᠤᠷᠠᠳᠠᠢ᠂ ᠰᠢᠳᠠᠮᠠᠳᠠᠭᠠᠢ᠂ | ᠰᠠᠴᠤᠷᠠᠭ ᠴᠢᠨᠠᠷᠳᠠᠢ᠂ ᠢᠳᠡᠮᠡᠭᠡᠢ ᠴᠢᠨᠠᠷ ᠲᠠᠢ ᠠᠶᠤᠯᠲᠠᠢ ᠪᠤᠳᠠᠰ ᠢ ᠠᠯᠪᠠᠨ ᠪᠠᠶᠢᠭᠤᠯᠭ᠎ᠠ ᠪᠠ ᠵᠠᠬᠢᠳᠠᠯ | ᠰᠤᠷᠪᠤᠯᠵᠢᠯᠠᠭ᠎ᠠ ᠬᠦᠯᠢᠶᠡᠨ ᠠᠪᠬᠤ ᠲᠠᠯᠠᠪᠤᠷ᠂ ᠤᠯᠠᠨ ᠨᠡᠶᠢᠲᠡ ᠶᠢᠨ ᠲᠠᠯᠠᠪᠤᠷ ᠲᠤ ᠠᠪᠠᠴᠢᠵᠤ᠂ ᠦᠪᠡᠷ ᠤᠨ ᠪᠡᠶ᠎ᠡ | ᠦᠷᠦᠭᠡᠯ ᠪᠤᠰᠤᠳ ᠢ ᠰᠢᠷᠬᠠᠳᠤᠭᠤᠯᠬᠤ ᠪᠤᠶᠤ ᠭᠠᠯᠳᠠᠬᠤ᠂ ᠲᠡᠯᠪᠡᠴᠢᠬᠦ᠂ ᠬᠤᠤᠷᠠᠳᠠᠭᠤᠯᠬᠤ ᠪᠠᠷ ᠠᠶᠤᠯᠭᠠᠬᠤ᠃ | 5. ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠵᠠᠬᠢᠲᠠᠯ ᠰᠤᠷᠪᠤᠯᠵᠢᠯᠠᠭ᠎ᠠ ᠬᠦᠯᠢᠶᠡᠨ ᠠᠪᠬᠤ ᠪᠤᠰᠤ | ᠭᠠᠵᠠᠷ ᠲᠤ ᠬᠦᠷᠴᠦ᠂ ᠬᠠᠤᠯᠢ ᠪᠤᠰᠤ ᠪᠠᠷ ᠪᠦᠬᠡᠮᠨᠡᠷᠡᠨ ᠴᠤᠭᠯᠠᠷᠠᠵᠤ᠂ ᠬᠡᠷᠡᠭ ᠡᠳᠦᠬᠦ ᠪᠤᠶᠤ ᠬᠡᠲᠦᠷᠡᠮᠡᠬᠡᠢ ᠠᠷᠭ᠎ᠠ | ᠬᠡᠯᠪᠡᠷᠢ ᠪᠠᠷ ᠬᠦᠰᠡᠯ ᠱᠠᠭᠠᠷᠳᠠᠯᠭ᠎ᠠ ᠪᠠᠨ ᠢᠯᠡᠳᠬᠡᠵᠦ᠂ ᠨᠡᠶᠢᠬᠡᠮ ᠤᠨ ᠡᠮᠬᠢ ᠲᠢᠭᠯᠢᠮ ᠢ ᠰᠠᠮᠠᠭᠤᠷᠠᠭᠤᠯᠤᠨ᠂ | ᠨᠡᠶᠢᠲᠡ ᠶᠢᠨ ᠠᠮᠤᠷ ᠲᠥᠪᠰᠢᠨ ᠢ ᠬᠠᠷᠰᠢᠯᠠᠬᠤ ᠃ | 6. ᠡᠯ᠎ᠡ ᠱᠠᠲᠤᠨ ᠤ ᠠᠯᠪᠠᠨ ᠪᠠᠶᠢᠭᠤᠯᠭ᠎ᠠ᠂ ᠠᠷᠠᠳ ᠤᠨ ᠪᠦᠯᠬᠦᠮ᠂ ᠵᠠᠮ ᠬᠠᠷᠢᠯᠴᠠᠭᠠᠨ ᠤ ᠲᠠᠯᠠᠪᠤᠷ᠂ | ᠴᠢᠬᠤᠯᠠ ᠶᠡᠭᠡ ᠬᠦᠳᠡᠯᠪᠦᠷᠢ ᠠᠵᠢᠯᠯᠠᠭᠠᠨ ᠤ ᠲᠠᠯᠠᠪᠤᠷ ᠪᠠ ᠪᠤᠰᠤᠳ ᠣᠯᠠᠨ ᠨᠡᠶᠢᠲᠡ ᠶᠢᠨ ᠲᠠᠯᠠᠪᠤᠷ ᠲᠤ ᠨᠢᠭᠡᠳᠦᠯᠲᠡᠶ | ᠬᠤᠪᠴᠠᠰᠤᠯᠠᠬᠤ᠂ ᠨᠢᠭᠡᠳᠦᠯᠲᠡᠶ ᠲᠡᠮᠳᠡᠭ ᠵᠡᠭᠦᠬᠦ᠂ ᠵᠠᠬᠢᠳᠠᠯ ᠰᠤᠷᠪᠤᠯᠵᠢᠯᠠᠭ᠎ᠠ ᠶᠢᠨ ᠮᠠᠲ᠋ᠧᠷᠢᠶᠠᠯ ᠨᠠᠭᠠᠬᠤ᠂ ᠤᠷᠢᠶ᠎ᠠ | ᠬᠠᠰᠬᠢᠷᠬᠤ᠂ ᠪᠢᠴᠢᠭᠡᠰᠦ ᠡᠯᠬᠦᠬᠦ᠂ ᠬᠤᠪᠴᠠᠰᠤ ᠬᠤᠨᠠᠷ᠂ ᠶᠠᠭᠤᠮ᠎ᠠ ᠬᠡᠦᠮ᠎ᠡ ᠪᠠᠨ ᠰᠢᠲᠠᠭᠠᠬᠤ ᠪᠤᠶᠤ ᠠᠰᠠᠷ ᠠᠴᠠ | ᠤᠨᠠᠬᠤ᠂ ᠪᠡᠶ᠎ᠡ ᠪᠠᠨ ᠭᠠᠯᠳᠠᠬᠤ ᠵᠡᠷᠭᠡ ᠭᠡᠳᠦᠷᠡᠮᠡᠬᠡᠢ ᠠᠷᠭ᠎ᠠ ᠪᠠᠷ ᠭᠤᠮᠤᠳᠠᠯ ᠵᠠᠭᠠᠯᠳᠤᠯᠭ᠎ᠠ ᠪᠠᠨ ᠢᠯᠡᠳᠬᠡᠬᠦ᠃ | 7. ᠠᠯᠪᠠᠨ ᠪᠠᠶᠢᠭᠤᠯᠭ᠎ᠠ᠂ ᠵᠠᠬᠢᠲᠠᠯ ᠰᠣᠷᠪᠤᠯᠵᠢᠯᠠᠭ᠎ᠠ ᠬᠦᠯᠢᠶᠡᠨ ᠠᠪᠬᠤ ᠭᠠᠵᠠᠷ᠂ ᠣᠯᠠᠨ ᠲᠦᠮᠡᠨ ᠤ | ᠬᠦᠳᠡᠯᠬᠡᠬᠡᠨ ᠤ ᠭᠠᠵᠠᠷ᠂ ᠴᠢᠬᠤᠯᠠ ᠬᠤᠷᠠᠯ ᠤᠨ ᠲᠠᠯᠠᠪᠠᠢ ᠶᠢ ᠪᠦᠰᠡᠯᠡᠵᠦ ᠲᠠᠭᠠᠷᠢᠬᠤ ᠠᠵᠢᠯᠯᠠᠭ᠎ᠠ ᠶᠢ ᠵᠤᠬᠢᠶᠠᠨ | ᠪᠠᠶᠢᠭᠤᠯᠬᠤ ᠪᠤᠶᠤ ᠲᠡᠬᠦᠨ ᠳᠤ ᠤᠷᠤᠯᠴᠠᠬᠤ᠂ ᠬᠠᠤᠯᠢ ᠪᠤᠰᠤ ᠪᠠᠷ ᠲᠡᠷᠭᠡ ᠬᠦᠰᠭᠡ ᠶᠢ ᠬᠠᠰᠢᠵᠤ᠂ ᠵᠠᠮ | ᠬᠠᠷᠢᠯᠴᠠᠭ᠎ᠠ ᠶᠢ ᠲᠦᠭᠵᠢᠷᠡᠬᠦᠯᠦᠨ᠂ ᠠᠵᠢᠯ ᠠᠮᠢᠳᠤᠷᠠᠯ ᠤᠨ ᠡᠮᠬᠢ ᠲᠢᠭᠯᠢᠮ ᠢ ᠬᠦᠨᠳᠦ ᠨᠣᠴᠢᠲᠠᠢ ᠰᠠᠮᠠᠭᠤᠷᠠᠭᠤᠯᠬᠤ᠃ | ᠠᠯᠪᠠᠨ ᠠᠵᠢᠯᠳᠠᠨ ᠤ ᠡᠬᠦᠷᠭᠡ ᠲᠤᠰᠢᠶᠠᠯ ᠢᠶᠠᠨ ᠬᠠᠤᠯᠢ ᠶᠤᠰᠤᠭᠠᠷ ᠭᠦᠢᠴᠡᠳᠭᠡᠬᠦ ᠶᠢ ᠲᠡᠪᠴᠢᠵᠦ᠂ ᠬᠠᠷᠰᠢᠯᠠᠬᠤ | ᠪᠤᠶᠤ ᠰᠡᠷᠡᠮᠵᠢᠯᠡᠬᠦᠯᠬᠦ ᠪᠦᠰᠡ ᠰᠡᠷᠡᠮᠵᠢᠯᠡᠬᠦᠯᠬᠦ ᠲᠤᠭᠤᠷᠢᠭ ᠢ ᠰᠢᠪᠳᠤᠯᠤᠨ ᠲᠠᠭᠠᠷᠢᠵᠤ᠂ ᠬᠦᠴᠦᠷᠭᠡᠭᠯᠡᠯ᠂ | ᠰᠦᠷᠳᠡᠭᠦᠯᠦᠯ ᠤᠨ ᠠᠷᠭ᠎ᠠ ᠪᠠᠷ ᠠᠯᠪᠠᠨ ᠠᠵᠢᠯᠳᠠᠨ ᠤ ᠡᠬᠦᠷᠭᠡ ᠲᠤᠰᠢᠶᠠᠯ ᠢᠶᠠᠨ ᠭᠦᠢᠴᠡᠳᠭᠡᠬᠦ ᠶᠢ ᠬᠠᠷᠰᠢᠯᠠᠬᠤ᠃ | 8. ᠪᠡᠭᠡᠵᠢᠩ ᠬᠥᠬᠡᠬᠤᠲᠠ ᠤᠷᠤᠵᠤ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠠᠵᠠᠷ ᠲᠤ ᠬᠠᠤᠯᠢ | ᠪᠤᠰᠤ ᠪᠠᠷ ᠴᠤᠭᠯᠠᠷᠠᠨ᠂ ᠬᠠᠭᠤᠳᠠᠰᠤ ᠲᠠᠷᠬᠠᠭᠠᠬᠤ᠂ ᠤᠷᠢᠶ᠎ᠠ ᠨᠠᠭᠠᠬᠤ᠂ ᠪᠢᠴᠢᠭᠡᠰᠦ ᠡᠯᠬᠦᠬᠦ᠂ ᠬᠡᠷᠡᠭ ᠡᠳᠦᠬᠦ ᠪᠤᠶᠤ | ᠬᠡᠲᠦᠷᠡᠮᠡᠬᠡᠢ ᠠᠷᠭ᠎ᠠ ᠬᠡᠯᠪᠡᠷᠢ ᠪᠠᠷ ᠭᠤᠮᠣᠳᠠᠯ ᠱᠠᠭᠠᠷᠳᠠᠯᠭ᠎ᠠ ᠪᠠᠨ ᠢᠯᠡᠳᠭᠡᠨ᠂ ᠨᠡᠶᠢᠭᠡᠮ ᠨᠡᠶᠢᠲᠡ ᠶᠢᠨ ᠡᠮᠬᠢ | ᠵᠢᠷᠤᠮ ᠢ ᠬᠦᠨᠳᠦ ᠨᠣᠴᠢᠲᠠᠢ ᠰᠠᠮᠠᠭᠤᠷᠠᠭᠤᠯᠬᠤ ᠪᠠ ᠬᠡᠪ ᠤᠨ ᠠᠵᠢᠯ ᠤᠨ ᠡᠮᠬᠢ ᠵᠢᠷᠤᠮ ᠢ ᠬᠦᠨᠳᠦ ᠨᠣᠴᠢᠲᠠᠢ | ᠰᠠᠮᠠᠭᠤᠷᠠᠭᠤᠯᠬᠤ᠃ | 9. ᠵᠠᠬᠢᠳᠠᠯ ᠰᠤᠷᠪᠤᠯᠵᠢᠯᠠᠭ᠎ᠠ ᠬᠢᠬᠦ ᠨᠡᠷ᠎ᠡ ᠪᠠᠷ ᠬᠢᠵᠢᠭ ᠤᠨ ᠪᠠᠶᠢᠳᠠᠯ᠂ ᠲᠦᠭᠰᠢᠬᠦᠷᠢ ᠶᠢᠨ ᠪᠠᠶᠢᠳᠠᠯ᠂ | ᠴᠠᠭᠳᠠᠭᠠᠨ ᠤ ᠪᠠᠶᠢᠳᠠᠯ ᠢ ᠬᠠᠭᠤᠷᠮᠠᠭᠯᠠᠨ ᠵᠤᠬᠢᠶᠠᠵᠤ ᠨᠡᠶᠢᠬᠡᠮ ᠨᠡᠶᠢᠳᠡ ᠶᠢᠨ ᠠᠩᠬᠠᠷᠤᠯ ᠢ ᠲᠠᠳᠠᠬᠤ ᠪᠤᠶᠤ ᠬᠠᠤᠯᠢ | ᠪᠤᠰᠤ ᠪᠠᠷ ᠠᠰᠢᠭ ᠬᠦᠷᠳᠡᠬᠦ᠃ | 10. ᠵᠠᠬᠢᠳᠠᠯ ᠰᠤᠷᠪᠤᠯᠵᠢᠯᠠᠭ᠎ᠠ ᠬᠢᠬᠦ ᠨᠡᠷ᠎ᠡ ᠪᠠᠷ ᠠᠰᠢᠭ ᠬᠤᠨᠵᠢᠪᠤᠷᠢ ᠤᠯᠵᠦ᠂ ᠨᠡᠶᠢᠭᠡᠮ ᠤᠨ ᠶᠠᠪᠤᠳᠠᠯ ᠳᠤ | ᠭᠠᠷ ᠳᠦᠷᠤᠨ᠂ ᠨᠡᠶᠢᠭᠡᠮ ᠤᠨ ᠡᠮᠬᠢ ᠲᠢᠭᠯᠢᠮ ᠪᠠ ᠵᠠᠬᠢᠳᠠᠯ ᠰᠤᠷᠪᠤᠯᠵᠢᠯᠠᠭ᠎ᠠ ᠶᠢᠨ ᠡᠮᠬᠢ ᠲᠢᠭᠯᠢᠮ ᠢ | ᠰᠠᠮᠠᠭᠤᠷᠠᠭᠤᠯᠬᠤ᠃ | 11. ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤᠮᠳᠠᠬᠢ ᠬᠠᠤᠯᠢ ᠠᠴᠠ ᠵᠥᠷᠢᠴᠡᠭᠰᠡᠨ ᠪᠤᠰᠤᠳ ᠶᠠᠯᠠᠲᠤ | ᠠᠵᠢᠯᠯᠠᠭ᠎ᠠ᠃ | ︵ᠭᠤᠷᠪᠠ︶ ᠰᠦᠯᠵᠢᠶ᠎ᠡ ᠶᠢ ᠠᠰᠢᠭᠯᠠᠵᠤ ᠬᠢᠭᠰᠡᠨ ᠬᠠᠤᠯᠢ ᠪᠤᠰᠤ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ | ᠪᠠ ᠵᠠᠬᠢᠳᠠᠯ ᠰᠤᠷᠪᠤᠯᠵᠢᠯᠠᠭ᠎ᠠ ᠪᠠᠷ ᠰᠢᠯᠲᠠᠭ ᠪᠤᠯᠭᠠᠭᠰᠠᠨ ᠬᠠᠤᠯᠢ ᠪᠤᠰᠤ ᠠᠵᠢᠯᠯᠠᠭ᠎ᠠ᠃ | 1. ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤᠮᠳᠠ᠂ ᠢᠨᠲ᠋ᠧᠷ ᠰᠦᠯᠵᠢᠶ᠎ᠡ᠂ ᠪᠢᠴᠢᠯ ᠪᠦᠷᠭᠡ᠂ ᠸᠢᠴᠠᠲ᠂ | QQ᠂ ᠲᠢᠭ᠋ ᠲᠤᠭ᠂ ᠬᠤᠷᠳᠤᠨ ᠭᠠᠷ ᠵᠡᠷᠭᠡ ᠴᠢᠮᠡᠭᠡ ᠬᠤᠯᠪᠣᠭᠠᠨ ᠤ ᠪᠠᠭᠠᠵᠢ ᠶᠢ ᠠᠰᠢᠭᠯᠠᠨ᠂ ᠵᠠᠬᠢᠳᠠᠯ | ᠰᠤᠷᠪᠤᠯᠵᠢᠯᠠᠭ᠎ᠠ ᠶᠢᠨ ᠬᠠᠮᠢᠶᠠᠳᠠᠢ ᠬᠤᠳᠠᠯ ᠬᠠᠭᠤᠷᠮᠠᠭ ᠮᠡᠳᠡᠭᠡ ᠵᠠᠩᠭᠢ ᠶᠢ ᠨᠠᠶᠢᠷᠠᠭᠤᠯᠤᠨ ᠲᠠᠷᠬᠠᠭᠠᠵᠤ᠂ ᠪᠤᠰᠤᠳ ᠢ | ᠥᠳᠥᠭᠡᠨ᠂ ᠤᠯᠠᠨ ᠢ ᠵᠣᠬᠢᠶᠠᠨ ᠪᠠᠶᠢᠭᠤᠯᠵᠤ ᠵᠠᠭᠠᠯᠳᠤᠭ᠎ᠠ ᠬᠢᠵᠦ ᠦᠢᠮᠡᠬᠦᠯᠬᠦ᠂ ᠡᠰᠡᠬᠦᠯ᠎ᠡ ᠪᠤᠰᠤᠳ ᠬᠥᠮᠦᠨ ᠤ | ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠬᠢᠬᠦ ᠳᠤ ᠳᠡᠮᠵᠢᠯᠭᠡ ᠦᠵᠡᠭᠦᠯᠵᠦ ᠬᠠᠪᠰᠤᠷᠤᠯᠭ᠎ᠠ ᠪᠤᠯᠬᠤ᠃ | 2. ᠦᠳᠦᠭᠡᠨ ᠲᠠᠳᠠᠬᠤ᠂ ᠬᠤᠯᠪᠤᠭᠠᠯᠠᠨ ᠰᠦᠯᠪᠡᠭᠡᠯᠡᠬᠦ᠂ ᠠᠶᠤᠯᠭᠠᠨ ᠰᠦᠷᠳᠡᠬᠦᠯᠬᠦ᠂ ᠬᠦᠰᠢᠬᠡ ᠶᠢᠨ ᠠᠷᠤ | ᠠᠴᠠ ᠵᠢᠯᠤᠭᠤᠳᠬᠤ ᠬᠡᠯᠪᠡᠷᠢ ᠪᠠᠷ ᠦᠨᠡᠨ ᠪᠠᠶᠢᠳᠠᠯ ᠢ ᠲᠤᠳᠤᠷᠬᠠᠢ ᠮᠡᠳᠡᠬᠦ ᠦᠭᠡᠢ ᠤᠯᠠᠨ ᠲᠦᠮᠡᠨ ᠢ ᠦᠳᠤᠬᠡᠵᠤ | ᠵᠠᠬᠢᠳᠠᠯ ᠰᠤᠷᠪᠤᠯᠵᠢᠯᠠᠭ᠎ᠠ ᠳᠤ ᠤᠷᠤᠯᠴᠠᠭᠤᠯᠬᠤ ᠪᠤᠶᠤ ᠪᠤᠰᠤᠳ ᠢ ᠵᠤᠬᠢᠶᠠᠨ ᠪᠠᠶᠢᠭᠤᠯᠬᠤ ᠪᠠ ᠬᠠᠪᠰᠤᠷᠤᠨ | ᠲᠡᠮᠵᠢᠵᠦ ᠪᠠᠶᠢᠭᠠᠳ ᠬᠠᠤᠯᠢ ᠪᠤᠰᠤ ᠵᠠᠬᠢᠳᠠᠯ ᠰᠤᠷᠪᠤᠯᠵᠢᠯᠠᠭ᠎ᠠ ᠳᠤ ᠤᠷᠤᠯᠴᠠᠭᠤᠯᠬᠤ᠂ ᠪᠤᠰᠤᠳ ᠤᠨ ᠪᠡᠶ᠎ᠡ ᠶᠢᠨ | ᠦᠨᠡᠮᠯᠡᠯ ᠢ ᠬᠠᠭᠤᠷᠮᠠᠭᠯᠠᠨ ᠭᠡᠷᠡᠭᠯᠡᠵᠦ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠬᠢᠬᠦ᠃ | 3. ᠰᠦᠯᠵᠢᠶ᠎ᠡ᠂ ᠤᠳᠠᠰᠤ᠂ ᠸᠢᠴᠠᠲ᠂ ᠣᠬᠤᠷ ᠵᠠᠬᠢᠶ᠎ᠠ ᠵᠡᠷᠭᠡ ᠪᠠᠷ ᠳᠠᠮᠵᠢᠨ ᠠᠯᠪᠠᠨ ᠠᠵᠢᠯᠲᠠᠳ ᠢ | ᠦᠢᠮᠡᠭᠦᠯᠬᠦ ᠪᠤᠶᠤ ᠣᠷᠣᠨ ᠰᠠᠭᠤᠴᠠ ᠳᠤ ᠣᠷᠣᠬᠤ᠂ ᠪᠡᠶ᠎ᠡ ᠶᠢᠨ ᠡᠷᠭᠡ ᠳᠤᠨᠢ ᠬᠠᠯᠳᠠᠬᠤ ᠮᠡᠳᠦ ᠶᠢᠨ ᠠᠷᠭ᠎ᠠ | ᠮᠠᠶ᠋ᠢᠭ ᠢᠶᠠᠷ ᠠᠯᠪᠠᠨ ᠠᠵᠢᠯᠳᠠᠨ ᠤ ᠬᠡᠪ ᠤᠨ ᠠᠮᠢᠳᠤᠷᠠᠯ ᠢ ᠬᠠᠷᠰᠢᠯᠠᠬᠤ᠃ ᠬᠡᠷᠡᠭ ᠶᠠᠪᠤᠳᠠᠯ ᠢ ᠭᠠᠵᠢᠭᠤᠳᠠᠭᠤᠯᠤᠨ | ᠵᠣᠬᠢᠶᠠᠵᠤ᠂ ᠦᠷᠦᠭᠡᠯ ᠪᠤᠰᠤᠳ ᠢ ᠬᠦᠳᠭᠡᠨ ᠬᠦᠵᠢᠷᠯᠡᠵᠦ ᠂ ᠪᠤᠰᠤᠳ ᠲᠤ ᠬᠠᠤᠯᠢ ᠶᠢᠨ ᠬᠠᠷᠢᠭᠤᠴᠠᠯᠭ᠎ᠠ | ᠲᠤᠯᠭᠠᠬᠤ ᠪᠠᠷ ᠤᠷᠤᠯᠳᠤᠬᠤ᠃ | ︵ᠲᠦᠷᠪᠡ︶ ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠬᠢᠬᠦ ᠶᠠᠪᠤᠴᠠ ᠳᠤ ᠪᠤᠶᠤ ᠵᠠᠬᠢᠳᠠᠯ | ᠰᠣᠷᠪᠤᠯᠵᠢᠯᠠᠭ᠎ᠠ ᠶᠢᠨ ᠨᠡᠷ᠎ᠡ ᠪᠠᠷ ᠲᠤᠰ ᠵᠠᠷᠯᠠᠯ ᠳᠤ ᠵᠢᠭᠰᠠᠭᠠᠭᠰᠠᠨ ᠪᠠ ᠵᠠᠷᠯᠠᠯ ᠠᠴᠠ ᠭᠠᠳᠠᠨᠠᠬᠢ ᠬᠠᠤᠯᠢ ᠶᠢ | ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠶᠢ ᠬᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠬᠠᠮᠢᠶ᠎ᠠ ᠪᠦᠬᠦᠢ ᠬᠠᠤᠯᠢ ᠲᠦᠷᠢᠮ ᠢ ᠦᠨᠳᠦᠰᠦᠯᠡᠨ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃ ᠦᠢᠯᠡ | ᠪᠠᠶᠢᠳᠠᠯ ᠨᠢ ᠬᠦᠨᠳᠦ ᠨᠤᠴᠢᠲᠠᠢ ᠪᠠᠶᠢᠵᠤ ᠶᠠᠯᠠᠳᠤ ᠠᠵᠢᠯᠯᠠᠭ᠎ᠠ ᠪᠤᠯᠤᠭᠰᠠᠨ ᠪᠤᠯ ᠬᠠᠤᠯᠢ ᠶᠤᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ ᠪᠤᠰᠤᠳ ᠢ ᠵᠢᠭᠠᠨ ᠲᠤᠬᠢᠵᠤ᠂ ᠠᠶᠤᠯᠭᠠᠨ ᠰᠦᠷᠳᠡᠭᠦᠯᠵᠤ᠂ ᠬᠠᠭᠤᠷᠤᠨ | ᠮᠡᠬᠡᠯᠡᠵᠦ ᠪᠠᠶᠢᠭᠠᠳ ᠬᠠᠤᠯᠢ ᠪᠤᠰᠤ ᠶᠠᠯᠠᠳᠤ ᠠᠵᠢᠯᠯᠠᠭ᠎ᠠ ᠬᠢᠯᠭᠡᠭᠰᠡᠨ ᠪᠤᠯ ᠬᠠᠮᠢᠶ᠎ᠠ ᠪᠦᠬᠦᠢ ᠬᠠᠤᠯᠢ ᠲᠦᠷᠢᠮ ᠤᠨ | ᠲᠠᠭᠠᠤ ᠴᠢᠩᠭ᠎ᠠ ᠰᠢᠢᠳᠪᠤᠷᠢᠯᠡᠨ᠎ᠡ᠃ | ᠭᠤᠷᠪᠠ᠂ ᠠᠯᠪᠠᠨ ᠠᠵᠢᠯᠳᠠᠨ᠂ ᠨᠠᠮ ᠤᠨ ᠭᠡᠰᠢᠭᠦᠨ ᠳᠡᠭᠡᠷᠡᠬᠢ ᠲᠣᠭᠲᠠᠭᠠᠯ ᠢ ᠵᠦᠷᠢᠴᠡᠪᠡᠯ ᠬᠠᠤᠯᠢ ᠶᠣᠰᠣᠭᠠᠷ | ᠵᠠᠰᠠᠭ ᠵᠠᠬᠢᠷᠭᠠᠨ ᠤ ᠰᠢᠳᠬᠡᠯ ᠥᠭᠬᠦ ᠪᠤᠶᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ᠂ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠲᠤᠰᠢᠶᠠᠵᠤ ᠨᠠᠮ ᠤᠨ ᠰᠠᠬᠢᠯᠭ᠎ᠠ | ᠲᠦᠷᠢᠮ ᠪᠠ ︽ᠠᠯᠪᠠᠨ ᠠᠵᠢᠯᠳᠠᠨ ᠳᠤ ᠵᠠᠰᠠᠭ ᠤᠨ ᠶᠠᠪᠤᠳᠠᠯ ᠤᠨ ᠰᠢᠳᠭᠡᠯ ᠤᠯᠭᠤᠬᠤ ᠬᠠᠤᠯᠢ︾ ᠪᠠᠷ | ᠰᠢᠢᠳᠪᠦᠷᠢᠯᠡᠨ᠎ᠡ᠃ | ᠳᠥᠷᠪᠡ᠂ ᠳᠣᠣᠷᠠᠬᠢ ᠪᠠᠶᠢᠳᠠᠯ ᠳᠤ ᠬᠠᠤᠯᠢ ᠶᠣᠰᠣᠭᠠᠷ ᠬᠦᠨᠳᠦ ᠰᠢᠳᠬᠡᠨ᠎ᠡ᠄ | ︵ᠨᠢᠭᠡ︶ ᠴᠢᠬᠤᠯᠠ ᠶᠡᠭᠡ ᠪᠠᠶᠠᠷ ᠲᠤᠷᠠᠰᠬᠠᠯ ᠤᠨ ᠡᠳᠦᠷ᠂ ᠴᠢᠬᠤᠯᠠ ᠶᠡᠭᠡ ᠬᠦᠳᠡᠯᠪᠦᠷᠢ ᠠᠵᠢᠯᠯᠠᠭ᠎ᠠ᠂ | ᠴᠢᠬᠤᠯᠠ ᠶᠡᠭᠡ ᠬᠤᠷᠠᠯ ᠤᠨ ᠬᠤᠭᠤᠴᠠᠭ᠎ᠠ ᠶᠢ ᠠᠰᠢᠭᠯᠠᠨ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠤᠰᠤ | ᠭᠠᠵᠠᠷ ᠲᠤ ᠬᠦᠷᠴᠦ ᠬᠠᠤᠯᠢ ᠪᠤᠰᠤ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠬᠢᠬᠦ ᠃ | ︵ᠬᠤᠶᠠᠷ︶ ᠳᠠᠬᠢᠨ ᠳᠠᠪᠲᠠᠨ ᠱᠠᠲᠤ ᠠᠯᠤᠰᠯᠠᠵᠤ ᠵᠠᠬᠢᠳᠠᠯ ᠰᠤᠷᠪᠤᠯᠵᠢᠯᠠᠭ᠎ᠠ ᠬᠢᠬᠦ᠂ ᠵᠢᠭᠤᠷᠠᠯᠳᠤᠨ ᠦᠢᠮᠡᠬᠦᠯᠬᠦ | ᠡᠰᠡᠬᠦᠯ᠎ᠡ ᠲᠣᠭᠲᠠᠭᠠᠯ ᠶᠣᠰᠣᠭᠠᠷ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠠᠵᠠᠷ ᠲᠤ ᠬᠦᠷᠴᠦ | ᠠᠰᠠᠭᠤᠳᠠᠯ ᠢᠶᠠᠨ ᠲᠤᠰᠬᠠᠬᠤ ᠦᠬᠡᠢ᠂ ᠬᠡᠷᠡᠭ ᠡᠳᠦᠵᠦ ᠦᠢᠮᠡᠬᠦᠯᠦᠨ᠂ ᠠᠮᠤᠷ ᠢ ᠬᠠᠮᠠᠭᠠᠯᠠᠬᠤ | ᠬᠠᠮᠢᠶᠠᠷᠤᠯᠲᠠ ᠠᠴᠠ ᠵᠦᠷᠢᠴᠡᠬᠦ᠃ | ︵ᠭᠤᠷᠪᠠ︶ ᠬᠠᠤᠯᠢ ᠪᠤᠰᠤ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ | ᠤᠬᠠᠭᠠᠯᠠᠨ ᠲᠥᠰᠦᠪᠯᠡᠬᠦ ᠪᠠ ᠡᠳ᠋ ᠮᠦᠩᠬᠦ ᠪᠠᠷ ᠲᠤᠰᠠᠯᠠᠨ ᠲᠡᠮᠵᠢᠬᠦ᠃ | ︵ᠲᠦᠷᠪᠡ︶ ᠵᠠᠬᠢᠳᠠᠯ ᠰᠤᠷᠪᠤᠯᠵᠢᠯᠠᠭ᠎ᠠ ᠶᠢ ᠨᠢᠭᠡᠨᠳᠠ ᠬᠠᠤᠯᠢ ᠶᠤᠰᠤᠭᠠᠷ ᠰᠢᠢᠳᠪᠦᠷᠢᠯᠡᠨ ᠲᠠᠭᠤᠰᠬᠠᠭᠰᠠᠨ ᠤ | ᠲᠠᠷᠠᠭ᠎ᠠ ᠦᠷᠬᠦᠯᠵᠢᠯᠡᠨ ᠵᠠᠭᠠᠯᠳᠤᠵᠤ ᠬᠠᠤᠯᠢ ᠠᠴᠠ ᠵᠦᠷᠢᠴᠡᠬᠦ᠃ | ︵ᠲᠠᠪᠤ︶ ᠬᠠᠤᠯᠢ ᠪᠤᠰᠤ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠠᠴᠠ ᠪᠤᠯᠵᠤ ᠵᠠᠰᠠᠭ ᠵᠠᠬᠢᠷᠭᠠᠨ ᠤ | ᠪᠤᠶᠤ ᠡᠷᠡᠭᠦᠦ ᠶᠢᠨ ᠰᠢᠳᠬᠡᠯ ᠣᠯᠤᠭᠰᠠᠨ ᠤ ᠳᠠᠷᠠᠭ᠎ᠠ᠂ ᠦᠷᠬᠦᠯᠵᠢᠯᠡᠨ ᠬᠠᠤᠯᠢ ᠪᠤᠰᠤ ᠵᠠᠬᠢᠳᠠᠯ ᠰᠤᠷᠪᠤᠯᠵᠢᠯᠠᠭ᠎ᠠ | ᠬᠢᠬᠦ᠃ | ︵ᠵᠢᠷᠭᠤᠭ᠎ᠠ︶ ᠵᠠᠬᠢᠳᠠᠯ ᠰᠤᠷᠪᠤᠯᠵᠢᠯᠠᠭ᠎ᠠ ᠪᠠᠷ ᠰᠢᠯᠳᠠᠭ ᠪᠤᠯᠭᠠᠨ ᠣᠯᠠᠨ ᠤᠳᠠᠭ᠎ᠠ ᠵᠢᠭᠤᠷᠠᠯᠳᠤᠨ | ᠰᠤᠷᠪᠤᠯᠵᠢᠯᠠᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠠᠴᠠ ᠳᠠᠪᠠᠭᠰᠠᠨ ᠶᠡᠭᠡ ᠬᠡᠮᠵᠢᠶᠡᠨ ᠤ ᠨᠥᠬᠦᠪᠥᠷᠢ | ᠲᠥᠯᠥᠪᠦᠷᠢ ᠠᠪᠬᠤ ᠵᠦᠢ ᠵᠤᠬᠢᠰ ᠦᠬᠡᠢ ᠲᠤᠷᠠᠳᠤᠯᠭ᠎ᠠ ᠶᠢ ᠭᠠᠷᠭᠠᠬᠤ ᠃ | ᠲᠠᠪᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤᠮᠳᠠ ᠠᠩᠬ᠎ᠠ ᠤᠳᠠᠭ᠎ᠠ ᠬᠠᠤᠯᠢ ᠠᠴᠠ ᠵᠥᠷᠢᠴᠡᠭᠰᠡᠨ | ᠪᠥᠭᠡᠳ ᠦᠢᠯᠡ ᠪᠠᠶᠢᠳᠠᠯ ᠨᠢ ᠬᠥᠩᠭᠡᠪᠲᠦᠷ ᠦᠶᠡᠰ᠂ ᠰᠤᠷᠭᠠᠨ ᠬᠥᠮᠦᠵᠢᠭᠦᠯᠬᠦ ᠪᠠᠷ ᠳᠠᠮᠵᠢᠭᠠᠳ ᠬᠡᠮᠰᠢᠨ | ᠤᠬᠠᠭᠠᠷᠠᠵᠤ ᠬᠠᠤᠯᠢ ᠪᠤᠰᠤ ᠵᠠᠬᠢᠳᠠᠯ ᠰᠤᠷᠪᠤᠯᠵᠢᠯᠠᠭ᠎ᠠ ᠬᠢᠬᠦ ᠪᠠᠨ ᠵᠤᠭᠰᠤᠭᠰᠠᠨ ᠪᠤᠯ ᠬᠠᠤᠯᠢ ᠲᠦᠷᠢᠮ ᠤᠨ | ᠲᠠᠭᠠᠤ ᠬᠥᠩᠭᠡᠨ ᠢᠶᠠᠷ ᠰᠢᠳᠬᠡᠬᠦ ᠪᠤᠶᠤ ᠰᠢᠳᠬᠡᠯ ᠠᠴᠠ ᠬᠡᠯᠲᠦᠷᠢᠭᠦᠯᠵᠦ ᠪᠣᠯᠤᠨ᠎ᠠ᠃ | ᠵᠢᠷᠭᠤᠭ᠎ᠠ᠂ ᠬᠠᠤᠯᠢ ᠶᠢᠨ ᠠᠵᠢᠯ ᠦᠢᠯᠡᠰ ᠡᠷᠬᠢᠯᠡᠭᠰᠡᠳ ᠲᠤᠬᠠᠶᠢᠯᠠᠭᠰᠠᠨ ᠠᠵᠢᠯ ᠤᠨ ᠶᠣᠰᠣ ᠮᠣᠷᠠᠯ ᠪᠣᠯᠤᠨ | ᠦᠢᠯᠡ ᠠᠵᠢᠯᠯᠠᠭᠠᠨ ᠤ ᠶᠤᠰᠤ ᠲᠦᠷᠢᠮ ᠢ ᠵᠢᠷᠤᠮᠯᠠᠬᠤ ᠭᠡᠷᠡᠭᠳᠡᠢ᠂ ᠭᠡᠷᠪᠡ ᠨᠠᠶᠢᠳᠠᠭᠴᠢ ᠶᠢ ᠥᠳᠥᠭᠡᠬᠦ ᠪᠤᠶᠤ ᠵᠢᠭᠠᠨ | ᠳᠣᠬᠢᠵᠤ ᠪᠠᠶᠢᠭᠠᠳ ᠣᠯᠠᠨ ᠨᠡᠶᠢᠲᠡ ᠶᠢᠨ ᠡᠮᠬᠢ ᠳᠢᠭᠯᠢᠮ ᠢ ᠰᠠᠮᠠᠭᠤᠷᠠᠭᠤᠯᠬᠤ᠂ ᠣᠯᠠᠨ ᠨᠡᠶᠢᠲᠡ ᠶᠢᠨ ᠠᠮᠤᠷ | ᠲᠦᠪᠰᠢᠨ ᠳᠤ ᠬᠤᠬᠢᠷᠠᠯ ᠤᠴᠠᠷᠠᠭᠤᠯᠬᠤ ᠵᠡᠷᠭᠡ ᠬᠠᠤᠯᠢ ᠪᠤᠰᠤ ᠠᠷᠭ᠎ᠠ ᠪᠠᠷᠢᠯ ᠢᠶᠠᠷ ᠵᠦᠷᠢᠴᠡᠯ ᠵᠢᠭᠤᠷᠠᠭᠠᠨ ᠢ | ᠰᠢᠢᠳᠪᠦᠷᠢᠯᠡᠪᠡᠯ ᠬᠠᠮᠢᠶ᠎ᠠ ᠪᠦᠬᠦᠢ ᠬᠠᠤᠯᠢ ᠲᠦᠷᠢᠮ ᠤᠨ ᠲᠠᠭᠠᠤ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠨ᠎ᠡ᠃ | | ᠳᠣᠯᠤᠭ᠎ᠠ᠂ ᠬᠠᠤᠯᠢ ᠠᠴᠠ ᠵᠥᠷᠢᠴᠡᠭᠰᠡᠨ ᠵᠠᠬᠢᠳᠠᠯ ᠰᠤᠷᠪᠤᠯᠵᠢᠯᠠᠭ᠎ᠠ ᠬᠢᠵᠦ᠂ ᠨᠡᠶᠢᠭᠡᠮ ᠤᠨ ᠡᠮᠬᠢ ᠵᠢᠷᠤᠮ ᠪᠤᠶᠤ | ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ ᠰᠠᠮᠠᠭᠤᠷᠠᠭᠤᠯᠵᠤ ᠶᠠᠯᠠᠲᠤ ᠠᠵᠢᠯᠯᠠᠭ᠎ᠠ ᠬᠢᠭᠰᠡᠨ ᠪᠤᠯ ᠶᠠᠯᠠᠳᠤ | ᠠᠵᠢᠯᠯᠠᠭᠠᠨ ᠤ ᠬᠢᠨᠢ ᠮᠡᠳᠡᠭᠡ ᠵᠠᠩᠭᠢ ᠶᠢ ᠬᠠᠤᠯᠢ ᠶᠣᠰᠣᠭᠠᠷ ᠲᠠᠩᠰᠠᠯᠠᠨ ᠬᠠᠳᠠᠭᠠᠯᠠᠵᠤ᠂ ᠬᠤᠪᠢ ᠬᠥᠮᠦᠨ ᠤ | ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ᠂ ᠦᠷ᠎ᠡ ᠬᠡᠤᠬᠡᠳ ᠤᠶᠢᠷ᠎ᠠ ᠲᠥᠷᠥᠯ ᠤᠨ ᠬᠢᠨᠢ ᠰᠤᠷᠭᠠᠭᠤᠯᠢ | ᠲᠡᠪᠰᠢᠬᠦ᠂ ᠠᠵᠢᠯ ᠳᠤ ᠤᠷᠤᠬᠤ᠂ ᠨᠠᠮ ᠳᠤ ᠣᠷᠣᠬᠤ᠂ ᠴᠡᠷᠢᠭ ᠲᠤ ᠣᠷᠣᠬᠤ ᠲᠠᠢ ᠬᠤᠯᠪᠤᠭᠳᠠᠭᠤᠯᠵᠤ᠂ ᠬᠠᠤᠯᠢ | ᠲᠦᠷᠢᠮ ᠶᠣᠰᠣᠭᠠᠷ ᠬᠢᠨᠠᠨ ᠪᠠᠶᠢᠴᠠᠭᠠᠨ᠎ᠠ᠃ | ᠨᠠᠢᠮᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | | ᠲᠠᠶᠢᠹᠤᠰᠧ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ | ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ | | ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ | ᠲᠠᠶᠢᠹᠤᠰᠧ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ | ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ | | ᠲᠠᠶᠢᠹᠤᠰᠧ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ | 2024 ᠣᠨ ᠤ 7 ᠰᠠᠷ᠎ᠠ ᠶᠢᠨ 15 ᠤ ᠡᠳᠦᠷ |