ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠳᠤᠮᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2024/7/23
  ᠪᠥᠬᠦ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠪᠠ ᠵᠠᠬᠢᠳᠠᠯ ᠰᠣᠷᠪᠤᠯᠵᠢᠯᠠᠭ᠎ᠠ ᠶᠢᠨ ᠡᠮᠬᠢ ᠳᠢᠭᠯᠢᠮ ᠢ ᠬᠠᠮᠠᠭᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠶᠢ ᠲᠦᠷᠢᠮᠵᠢᠬᠦᠯᠦᠨ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ  ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠡᠷᠬᠡ ᠠᠰᠢᠭ ᠢᠶᠠᠨ ᠬᠠᠮᠠᠭᠠᠯᠠᠬᠤ ᠶᠢ ᠵᠢᠯᠣᠭᠤᠳᠴᠤ᠂ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠳᠤᠮᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠬᠤ ᠪᠠ ᠵᠠᠯᠬᠠᠭᠠᠨ ᠰᠢᠳᠬᠡᠬᠦ ᠶᠢᠨ ᠲᠥᠯᠥᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠬᠦᠦ ᠶᠢᠨ ᠵᠠᠷᠭᠤ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠷᠠᠯ ᠴᠤᠭᠯᠠᠭᠠᠨ ᠰᠦᠷᠳᠦ ᠵᠢᠬᠰᠠᠭᠠᠯ ᠤᠨ ᠬᠠᠤᠯᠢ︾ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾᠂ ︽ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠤ ︿ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤᠮᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠲᠤᠬᠠᠶ ᠵᠢᠯᠣᠭᠤᠳᠬᠤ ᠰᠠᠨᠠᠯ﹀︾ ᠪᠠ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶᠠᠨ ᠤ ︽ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠠᠯᠬᠤᠮ ᠶᠠᠪᠤᠴᠠ ᠶᠢ ᠴᠢᠨᠠᠭᠰᠢᠳᠠ  ᠲᠦᠷᠢᠮᠵᠢᠬᠦᠯᠦᠨ ᠵᠠᠬᠢᠳᠠᠯ ᠰᠤᠷᠪᠤᠯᠵᠢᠯᠠᠭ᠎ᠠ ᠬᠢᠭᠰᠡᠳ ᠢ ᠵᠢᠯᠤᠭᠤᠳᠴᠤ ᠬᠠᠤᠯᠢ ᠶᠣᠰᠣᠭᠠᠷ ᠱᠠᠲᠤ ᠳᠠᠷᠠᠭᠠᠯᠠᠨ ᠰᠤᠷᠪᠤᠯᠵᠢᠯᠠᠭ᠎ᠠ ᠬᠢᠯᠬᠡᠬᠦ ᠠᠷᠭ᠎ᠠ︾ ᠵᠡᠷᠭᠡ ᠬᠠᠤᠯᠢ ᠲᠦᠷᠢᠮ ᠪᠠ ᠬᠠᠮᠢᠶ᠎ᠠ ᠪᠦᠬᠦᠢ ᠬᠠᠤᠯᠢ ᠶᠢᠨ ᠲᠠᠶᠢᠯᠤᠮᠵᠢ ᠶᠢ ᠦᠨᠳᠦᠰᠦᠯᠡᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤᠮᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠲᠤᠬᠠᠶ ᠳᠣᠤᠷᠠᠬᠢ ᠮᠡᠲᠦ ᠵᠠᠷᠯᠠᠨ ᠮᠡᠳᠡᠭᠳᠡᠪᠠ᠄    ᠨᠢᠭᠡ᠂ ᠵᠠᠬᠢᠳᠠᠯ ᠰᠤᠷᠪᠤᠯᠵᠢᠯᠠᠭ᠎ᠠ ᠬᠢᠬᠦ ᠶᠠᠪᠤᠴᠠ ᠳᠤ ᠬᠠᠤᠯᠢ ᠲᠦᠷᠢᠮ ᠢ ᠡᠷᠭᠡᠪᠰᠢ ᠵᠢᠷᠤᠮᠯᠠᠬᠤ ᠬᠡᠷᠡᠭᠲᠡᠶ᠂ ᠤᠯᠤᠰ᠂ ᠨᠡᠶᠢᠭᠡᠮ᠂ ᠬᠠᠮᠲᠤ ᠶᠢᠨ ᠠᠰᠢᠭ ᠲᠤᠰᠠ ᠪᠣᠯᠤᠨ ᠪᠤᠰᠤᠳ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠶ᠂ ᠨᠡᠶᠢᠭᠡᠮ ᠨᠡᠶᠢᠲᠡ ᠶᠢᠨ ᠡᠮᠬᠢ ᠳᠢᠭᠯᠢᠮ ᠪᠣᠯᠤᠨ ᠵᠠᠬᠢᠳᠠᠯ ᠰᠤᠷᠪᠤᠯᠵᠢᠯᠠᠭ᠎ᠠ  ᠶᠢᠨ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠵᠤ᠂ ᠳᠣᠤᠷᠠᠬᠢ ᠱᠠᠭᠠᠷᠳᠠᠯᠭ᠎ᠠ ᠶᠣᠰᠣᠭᠠᠷ ᠵᠠᠬᠢᠳᠠᠯ ᠰᠤᠷᠪᠤᠯᠵᠢᠯᠠᠭ᠎ᠠ ᠬᠢᠨ᠎ᠡ᠃    ︵ᠨᠢᠭᠡ︶ ᠵᠠᠬᠢᠳᠠᠯ ᠰᠤᠷᠪᠤᠯᠵᠢᠯᠠᠭ᠎ᠠ ᠬᠢᠬᠦ ᠳᠡᠭᠡᠨ ᠰᠢᠢᠳᠪᠦᠷᠢᠯᠡᠬᠦ ᠡᠷᠭᠡ ᠲᠠᠢ ᠲᠤᠰ ᠱᠠᠳᠤ ᠪᠤᠶᠤ ᠲᠡᠭᠡᠷ᠎ᠡ ᠨᠢᠭᠡ ᠱᠠᠳᠤᠨ ᠤ ᠪᠠᠶᠢᠭᠤᠯᠭ᠎ᠠ ᠳᠤ  ᠬᠠᠤᠯᠢ ᠶᠤᠰᠤᠭᠠᠷ ᠲᠤᠷᠠᠳᠬᠤ ᠬᠡᠷᠡᠭᠲᠠᠢ᠃  ᠵᠠᠬᠢᠳᠠᠯ  ᠰᠤᠷᠪᠤᠯᠵᠢᠯᠠᠭ᠎ᠠ ᠶᠢ ᠨᠢᠭᠡᠨᠲᠡ ᠬᠦᠯᠢᠶᠡᠨ ᠠᠪᠴᠤ ᠰᠢᠢᠳᠪᠦᠷᠢᠯᠡᠭᠰᠡᠨ ᠪᠤᠶᠤ ᠶᠠᠭ ᠰᠢᠢᠳᠪᠦᠷᠢᠯᠡᠵᠦ ᠪᠠᠶᠢᠭ᠎ᠠ ᠦᠶᠡᠰ ᠠᠳᠠᠯᠢ ᠨᠢᠭᠡᠨ ᠵᠠᠬᠢᠳᠠᠯ ᠰᠤᠷᠪᠤᠯᠵᠢᠯᠠᠭ᠎ᠠ ᠶᠢ ᠳᠠᠬᠢᠨ ᠲᠤᠷᠠᠳᠪᠠᠯ  ᠬᠦᠯᠢᠶᠡᠨ ᠠᠪᠴᠤ  ᠰᠢᠢᠳᠪᠦᠷᠢᠯᠡᠬᠦ ᠦᠭᠡᠶ᠃    ︵ᠬᠤᠶᠠᠷ︶ ᠵᠠᠬᠢᠳᠠᠯ ᠰᠤᠷᠪᠤᠯᠵᠢᠯᠠᠭ᠎ᠠ ᠬᠢᠬᠦ ᠳᠡᠭᠡᠨ ᠰᠢᠢᠳᠪᠦᠷᠢᠯᠡᠬᠦ ᠡᠷᠬᠡ ᠲᠠᠢ᠂ ᠲᠣᠭᠲᠠᠭᠰᠠᠨ ᠬᠦᠯᠢᠶᠡᠨ ᠠᠪᠬᠤ ᠭᠠᠵᠠᠷ ᠲᠤ ᠤᠴᠢᠬᠤ ᠬᠡᠷᠡᠭᠲᠡᠶ᠃ ᠬᠠᠮᠲᠤ ᠶᠢᠨ ᠵᠠᠬᠢᠳᠠᠯ ᠰᠤᠷᠪᠤᠯᠵᠢᠯᠠᠭ᠎ᠠ ᠶᠢ ᠬᠢᠬᠦ ᠳᠤ ᠬᠠᠮᠤᠭ ᠤᠯᠠᠨ  ᠳᠠᠭᠠᠨ 5 ᠲᠥᠯᠥᠭᠡᠯᠡᠭᠴᠢ ᠲᠤᠮᠢᠯᠠᠨ᠎ᠠ᠃   ︵ᠭᠤᠷᠪᠠ︶ ᠬᠠᠤᠯᠢ ᠪᠠ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢ ᠬᠢᠬᠦ ᠳᠤ ᠬᠠᠤᠯᠢ ᠶᠢᠨ ᠠᠯᠬᠤᠮ ᠶᠠᠪᠤᠴᠠ ᠪᠤᠶᠤ ᠵᠠᠰᠠᠭ ᠵᠠᠬᠢᠷᠭᠠᠨ ᠤ ᠠᠪᠤᠷᠠᠨ ᠲᠡᠳᠬᠦᠬᠦ ᠠᠯᠬᠤᠮ ᠶᠠᠪᠤᠴᠠ ᠪᠠᠷ ᠲᠠᠮᠵᠢᠨ ᠬᠤᠯᠪᠣᠭᠳᠠᠯ ᠪᠦᠬᠦᠢ ᠲᠥᠷᠥ ᠶᠢᠨ ᠪᠠᠶᠢᠭᠤᠯᠭ᠎ᠠ ᠳᠤ ᠳᠤᠷᠠᠳᠴᠤ᠂ ᠵᠠᠷᠭᠤ ᠬᠢᠬᠦ᠂ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ  ᠤ ᠳᠠᠬᠢᠨ ᠵᠥᠪᠯᠡᠬᠦ ᠵᠡᠷᠭᠡ ᠬᠠᠤᠯᠢ ᠪᠠᠷ ᠲᠣᠭᠲᠠᠭᠠᠭᠰᠠᠨ ᠠᠷᠭ᠎ᠠ ᠵᠠᠮ ᠢᠶᠠᠷ ᠰᠢᠢᠳᠪᠦᠷᠢᠯᠡᠬᠦ ᠬᠡᠷᠡᠭᠲᠡᠶ᠃    ︵ᠲᠦᠷᠪᠡ︶ ᠵᠠᠬᠢᠳᠠᠯ ᠰᠤᠷᠪᠤᠯᠵᠢᠯᠠᠭ᠎ᠠ ᠬᠢᠬᠦ ᠳᠤ ᠪᠤᠰᠤᠳᠴᠢ ᠪᠥᠭᠡᠳ ᠦᠨᠡᠨ ᠪᠣᠳᠠᠲᠠᠶ ᠪᠠᠶᠢᠵᠤ᠂ ᠬᠠᠩᠭᠠᠭᠰᠠᠨ ᠮᠠᠲ᠋ᠧᠷᠢᠶᠠᠯ ᠤᠨ ᠦᠨᠡᠨ ᠪᠤᠳᠠᠳᠤ ᠴᠢᠨᠠᠷ ᠢ ᠪᠠᠳᠤᠯᠠᠬᠤ ᠬᠡᠷᠡᠭᠲᠡᠶ᠂ ᠬᠡᠷᠡᠭ ᠶᠠᠪᠤᠳᠠᠯ ᠢ ᠬᠤᠳᠠᠯ ᠢᠶᠠᠷ ᠵᠣᠬᠢᠶᠠᠵᠤ᠂ ᠭᠠᠵᠢᠭᠤᠳᠠᠭᠤᠯᠵᠤ ᠪᠣᠯᠬᠤ ᠦᠭᠡᠶ᠂ ᠪᠤᠰᠤᠳ ᠢ ᠭᠦᠳᠬᠡᠨ ᠬᠦᠵᠢᠷᠯᠡᠵᠦ  ᠪᠣᠯᠬᠤ ᠦᠭᠡᠶ᠃     ᠬᠤᠶᠠᠷ᠂ ᠳᠣᠤᠷᠠᠬᠢ ᠪᠠᠶᠢᠳᠠᠯ ᠳᠤ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠠᠴᠠ ᠢᠳᠬᠠᠨ ᠬᠤᠷᠢᠭᠯᠠᠵᠤ᠂ ᠰᠤᠷᠭᠠᠨ ᠬᠥᠮᠦᠵᠢᠭᠦᠯᠦᠭᠡᠳ ᠦᠢᠯᠡᠳᠦᠯ ᠭᠠᠷᠬᠤ ᠦᠬᠡᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ ᠲᠦᠷᠢᠮ ᠢ ᠵᠥᠷᠢᠴᠡᠭᠰᠡᠨ ᠪᠤᠶᠤ ᠪᠤᠰᠤᠳ ᠬᠠᠤᠯᠢ ᠲᠦᠷᠢᠮ ᠢ ᠵᠥᠷᠢᠴᠡᠭᠰᠡᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠦᠢᠯᠡ ᠠᠵᠢᠯᠯᠠᠭ᠎ᠠ ᠶᠢᠨ ᠰᠢᠨᠵᠢ ᠴᠢᠨᠠᠷ ᠢ ᠨᠢ ᠦᠨᠳᠦᠰᠦᠯᠡᠨ ᠵᠠᠰᠠᠭ ᠵᠠᠬᠢᠷᠭᠠᠨ ᠤ ᠰᠢᠳᠬᠡᠯ ᠥᠭᠴᠦ᠂  ᠶᠠᠯᠠᠳᠤ ᠠᠵᠢᠯᠯᠠᠭ᠎ᠠ ᠪᠤᠯᠤᠭᠰᠠᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ︵ᠨᠢᠭᠡ︶ ᠬᠠᠤᠯᠢ ᠪᠠᠷ ᠲᠣᠭᠲᠠᠭᠠᠭᠰᠠᠨ ᠠᠯᠬᠤᠮ ᠶᠠᠪᠤᠴᠠ ᠠᠴᠠ ᠵᠦᠷᠢᠴᠡᠵᠦ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ᠃    1. ᠵᠠᠬᠢᠳᠠᠯ ᠰᠤᠷᠪᠤᠯᠵᠢᠯᠠᠭ᠎ᠠ ᠶᠢ ᠨᠢᠭᠡᠨᠲᠡ ᠬᠦᠯᠢᠶᠡᠨ ᠠᠪᠤᠭᠰᠠᠨ ᠪᠥᠭᠡᠳ ᠶᠠᠭ ᠰᠢᠢᠳᠪᠦᠷᠢᠯᠡᠵᠦ ᠪᠠᠶᠢᠭ᠎ᠠ ᠬᠤᠭᠤᠴᠠᠭᠠᠨ ᠳᠤ ᠦᠷᠬᠦᠯᠵᠢᠯᠡᠨ ᠱᠠᠳᠤ ᠠᠯᠤᠰᠯᠠᠨ ᠵᠠᠭᠠᠯᠳᠤᠵᠤ ᠰᠤᠷᠪᠤᠯᠵᠢᠯᠠᠵᠤ᠂  ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠵᠦᠢ ᠶᠤᠰᠤᠨ ᠤ ᠬᠦᠰᠡᠯ ᠱᠠᠭᠠᠷᠳᠠᠯᠭ᠎ᠠ ᠶᠢ ᠨᠢᠭᠡᠨᠳᠡ ᠲᠦᠷᠦ ᠶᠢᠨ ᠪᠤᠳᠤᠯᠭ᠎ᠠ᠂ ᠬᠠᠤᠯᠢ ᠲᠦᠷᠢᠮ ᠤᠨ ᠲᠠᠭᠠᠤ ᠲᠤᠬᠢᠷᠠᠮᠵᠢᠳᠠᠢ ᠰᠢᠢᠳᠪᠦᠷᠢᠯᠡᠭᠰᠡᠨ ᠪᠤᠯᠪᠠᠴᠤ ᠦᠷᠬᠦᠯᠵᠢᠯᠡᠨ ᠲᠡᠭᠡᠳᠦ ᠱᠠᠳᠤᠨ ᠳᠤ ᠵᠠᠭᠠᠯᠳᠤᠨ ᠰᠤᠷᠪᠤᠯᠵᠢᠯᠠᠵᠤ᠂ ᠠᠳᠠᠯᠢ ᠨᠢᠭᠡᠨ   ᠤᠴᠢᠷ ᠪᠠ ᠰᠢᠯᠳᠠᠭᠠᠨ ᠢᠶᠠᠷ ᠵᠠᠬᠢᠳᠠᠯ‌‍ᠰᠤᠷᠪᠤᠯᠵᠢᠯᠠᠭ᠎ᠠ ᠬᠢᠬᠦ ᠪᠤᠶᠤ ᠲᠦᠷᠦ ᠶᠢᠨ ᠪᠤᠳᠤᠯᠭ᠎ᠠ᠂ ᠬᠠᠤᠯᠢ ᠲᠦᠷᠢᠮ ᠠᠴᠠ ᠲᠠᠪᠠᠭᠰᠠᠨ ᠱᠠᠭᠠᠷᠳᠠᠯᠭ᠎ᠠ ᠲᠤᠷᠠᠳᠬᠤ᠃ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠨᠢᠭᠡᠨᠲᠡ ᠬᠠᠤᠯᠢ ᠶᠣᠰᠤᠭᠠᠷ  ᠰᠢᠢᠳᠪᠦᠷᠢᠯᠡᠭᠰᠡᠨ ᠮᠦᠷᠲᠡᠭᠡᠨ ᠰᠶᠢᠳᠪᠦᠷᠢᠯᠡᠭᠰᠡᠨ ᠪᠠᠶᠢᠳᠠᠯ ᠢ ᠨᠢᠭᠡᠨᠲᠡ ᠲᠣᠳᠤᠷᠬᠠᠢ ᠮᠡᠳᠡᠭᠳᠡᠭᠰᠡᠨ ᠪᠠᠶᠢᠳᠠᠯ᠎ᠠ ᠦᠷᠬᠦᠯᠵᠢᠯᠡᠨ ᠤᠳᠠᠰᠤ᠂ ᠵᠠᠬᠢᠳᠠᠯ᠂ ᠰᠦᠯᠵᠢᠶ᠎ᠡ ᠪᠠᠷ ᠵᠠᠭᠠᠯᠳᠤᠯᠭ᠎ᠠ ᠬᠢᠵᠦ ᠦᠢᠮᠡᠬᠦᠯᠬᠦ᠃    2. ᠬᠠᠤᠯᠢ ᠳᠤ ᠲᠣᠭᠲᠠᠭᠠᠭᠰᠠᠨ ᠠᠷᠭ᠎ᠠ ᠵᠠᠮ ᠢᠶᠠᠷ ᠵᠠᠬᠢᠳᠠᠯ ᠰᠤᠷᠪᠤᠯᠵᠢᠯᠭ᠎ᠠ ᠬᠢᠬᠦ ᠶᠢ ᠲᠡᠪᠴᠢᠵᠦ᠂  ᠲᠠᠬᠢᠨ ᠲᠠᠪᠳᠠᠨ ᠵᠠᠭᠠᠯᠳᠤᠵᠤ᠂  ᠵᠢᠭᠤᠷᠠᠯᠳᠤᠵᠤ᠂  ᠦᠢᠮᠡᠬᠦᠯᠬᠦ᠃    3. ᠨᠦᠭᠦᠪᠤᠷᠢ ᠦᠭᠭᠦ ᠬᠡᠯᠡᠯᠴᠡᠭᠡᠷ ᠳᠣᠬᠲᠠᠬᠰᠠᠨ ᠪᠦᠭᠡᠳ ᠨᠦᠬᠦᠪᠦᠷᠢ ᠶᠢ ᠨᠢᠬᠡᠨᠳᠡ ᠤᠯᠭᠤᠭᠰᠠᠨ᠂  ᠡᠰᠡᠬᠦᠯ᠎ᠡ ᠵᠠᠭᠢᠲᠠᠯ ᠰᠣᠷᠪᠤᠯᠵᠢᠯᠠᠭ᠎ᠠ ᠶᠢ ᠨᠢᠬᠡᠨᠳᠡ ᠰᠢᠢᠣᠠᠪᠤᠷᠢᠯᠠᠵᠤ ᠲᠠᠭᠤᠰᠬᠠᠬᠰᠠᠨ ᠪᠠᠶᠢᠳᠠᠯ᠎ᠠ ᠠᠲᠠᠯᠢ ᠤᠴᠢᠷ ᠪᠠ ᠰᠢᠯᠲᠠᠭᠠᠨ ᠢᠶᠠᠷ ᠬᠠᠣᠯᠢ  ᠲᠦᠷᠢᠮ ᠳᠦᠷᠤ ᠶᠢᠨ ᠪᠤᠲᠣᠯᠭ᠎ᠠ ᠠᠴᠠ ᠲᠠᠪᠠᠭᠰᠠᠨ ᠱᠠᠭᠠᠷᠲᠠᠯᠭ᠎ᠠ ᠲᠤᠷᠠᠳᠴᠤ᠂  ᠲᠠᠬᠢᠨ ᠲᠠᠪᠳᠠᠨ ᠰᠣᠷᠪᠤᠯᠵᠢᠯᠠᠨ ᠵᠠᠭᠠᠯᠳᠤᠬᠤ᠃   4. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠠᠷᠠᠳ ᠤᠨ ᠰᠢᠭᠦᠬᠦ ᠬᠤᠷᠢᠶ᠎ᠠ  ᠠᠴᠠ ᠶᠠᠭ ᠲᠤᠷᠰᠢᠨ ᠪᠠᠶᠢᠴᠠᠭᠠᠬᠤ ᠪᠤᠶᠤ ᠰᠢᠭᠦᠨ ᠲᠠᠰᠤᠯᠵᠤ ᠪᠠᠶᠢᠬᠤ ᠳᠤ ᠲᠤᠬᠠᠢ ᠶᠢᠨ ᠬᠥᠮᠥᠨ ᠪᠤᠶᠤ ᠬᠤᠯᠪᠣᠭᠳᠠᠯ ᠪᠦᠬᠦᠢ ᠬᠥᠮᠥᠰ ᠨᠢ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠤᠭᠳᠠᠭᠰᠠᠨ ᠭᠠᠵᠠᠷ ᠲᠤ ᠬᠦᠷᠴᠦ ᠰᠤᠷᠪᠤᠯᠵᠢᠯᠠᠬᠤ ᠦᠭᠡᠢ᠂ ᠠᠬᠤᠢ ᠲᠠᠯᠠᠪᠠᠢ ᠶᠢᠨ ᠬᠠᠮᠢᠶᠠᠷᠤᠯᠲᠠ ᠶᠢ ᠳᠠᠭᠠᠬᠤ ᠦᠭᠡᠢ᠂ ᠪᠠᠶᠢᠭᠤᠯᠭ᠎ᠠ ᠶᠢᠨ ᠠᠵᠢᠯ ᠤᠨ ᠡᠮᠬᠢ ᠵᠢᠷᠤᠮ ᠢ ᠰᠠᠮᠠᠭᠤᠷᠠᠭᠤᠯᠬᠤ ᠪᠤᠶᠤ ᠨᠡᠶᠢᠬᠡᠮ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠬᠤ᠃ ᠠᠷᠠᠳ ᠤᠨ ᠰᠢᠬᠦᠬᠦ ᠬᠤᠷᠢᠶᠠᠨ ᠤ ᠰᠢᠬᠦᠨ ᠲᠠᠰᠤᠯᠤᠯᠳᠠ ᠪᠤᠶᠤ ᠡᠶᠡᠳᠡᠬᠦᠯᠬᠡ ᠶᠢᠨ ᠪᠢᠴᠢᠭ ᠬᠠᠷ᠎ᠠ ᠬᠦᠴᠦᠨ ᠲᠠᠢ ᠪᠤᠯᠤᠭᠰᠠᠨ ᠤ ᠲᠠᠷᠠᠭ᠎ᠠ᠂ ᠡᠰᠡᠬᠦᠯ᠎ᠡ ᠰᠢᠢᠳᠪᠦᠷᠢᠯᠡᠬᠦ ᠡᠷᠭᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠤᠯᠢ ᠶᠤᠰᠤᠭᠠᠷ ᠰᠢᠢᠳᠪᠤᠷᠢᠯᠡᠵᠤ ᠲᠠᠭᠤᠰᠬᠠᠭᠰᠠᠨ ᠪᠠᠶᠢᠬᠤ ᠳᠤ ᠬᠠᠤᠯᠢ ᠲᠦᠷᠢᠮ ᠤᠨ ᠲᠤᠭᠳᠠᠭᠠᠯ ᠢ ᠦᠯᠦ ᠭᠡᠷᠡᠭᠵᠢᠬᠦᠯᠬᠦ᠃ ᠬᠦᠴᠦᠨ ᠲᠠᠢ ᠪᠣᠯᠤᠭᠰᠠᠨ ᠰᠢᠬᠦᠨ ᠲᠠᠰᠤᠯᠤᠯᠳᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠬᠦ ᠦᠭᠡᠢ᠂ ᠬᠠᠤᠯᠢ ᠳᠤ ᠲᠣᠭᠲᠠᠭᠠᠭᠰᠠᠨ ᠠᠯᠬᠤᠮ ᠶᠠᠪᠤᠴᠠ ᠪᠠᠷ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠦᠭᠡᠢ᠂ ᠵᠣᠷᠢᠭᠤᠳᠠ ᠵᠢᠭᠤᠷᠠᠯᠳᠤᠨ ᠰᠤᠷᠪᠤᠯᠵᠢᠯᠠᠬᠤ᠂ ᠦᠢᠮᠡᠭᠦᠯᠦᠨ ᠰᠤᠷᠪᠤᠯᠵᠢᠯᠠᠬᠤ ᠪᠤᠶᠤ ᠲᠠᠬᠢᠨ ᠳᠠᠪᠲᠠᠨ ᠱᠠᠲᠤ ᠠᠯᠤᠰᠯᠠᠨ ᠵᠠᠭᠠᠯᠳᠤᠯᠭ᠎ᠠ ᠬᠢᠵᠦ᠂ ᠪᠠᠶᠢᠭᠤᠯᠭ᠎ᠠ ᠨᠢᠭᠡᠴᠡ ᠪᠠ ᠨᠡᠶᠢᠬᠡᠮ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠬᠤ᠃    5. ᠲᠠᠪᠤ ᠠᠴᠠ ᠳᠡᠭᠡᠭᠰᠢ ᠬᠥᠮᠦᠨ ᠬᠠᠮᠲᠤ ᠪᠠᠷ ᠰᠤᠷᠪᠤᠯᠵᠢᠯᠠᠬᠤ ᠳᠠᠭᠠᠨ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠲᠠᠭᠠᠬᠤ ᠦᠬᠡᠢ ᠪᠠᠷ ᠲᠦᠯᠦᠭᠡᠯᠡᠭᠴᠢ ᠲᠤᠮᠢᠯᠠᠬᠤ ᠶᠢ ᠲᠡᠪᠴᠢᠵᠦ᠂ ᠠᠬᠤᠢ ᠲᠠᠯᠠᠪᠠᠢ ᠶᠢᠨ ᠬᠠᠮᠢᠶᠠᠷᠤᠯᠲᠠ ᠶᠢ ᠲᠠᠭᠠᠬᠤ ᠦᠬᠡᠢ᠂  ᠤᠯᠠᠭᠤᠯᠠ ᠪᠠᠨ ᠴᠤᠭᠯᠠᠷᠠᠵᠤ ᠪᠠᠶᠢᠭᠤᠯᠭ᠎ᠠ ᠨᠢᠭᠡᠴᠡ ᠶᠢᠨ ᠡᠮᠬᠢ ᠲᠢᠭᠯᠢᠮ ᠢ ᠰᠠᠮᠠᠭᠤᠷᠠᠭᠤᠯᠬᠤ ᠪᠤᠶᠤ ᠨᠡᠶᠢᠬᠡᠮ ᠨᠡᠶᠢᠲᠡ ᠶᠢᠨ ᠡᠮᠬᠢ ᠲᠢᠭᠯᠢᠮ ᠢ ᠰᠠᠮᠠᠭᠤᠷᠠᠭᠤᠯᠬᠤ᠃     6. ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠠᠵᠠᠷ ᠲᠤ ᠰᠠᠭᠤᠵᠤ ᠭᠡᠪᠳᠡᠬᠦ ᠮᠠᠶ᠋ᠢᠭ ᠢᠶᠠᠷ ᠭᠡᠷᠡᠭ ᠡᠳᠦᠬᠦ ᠪᠤᠶᠤ ᠨᠠᠰᠤᠳᠠᠶᠢᠴᠤᠳ᠂ ᠭᠡᠦᠭᠡᠳ ᠪᠠᠭᠠᠴᠤᠳ᠂ ᠡᠪᠡᠳᠴᠢᠨ ᠲᠠᠢ ᠬᠦᠮᠦᠰ ᠢᠶᠠᠨ ᠦᠯᠡᠳᠡᠭᠡᠵᠦ ᠰᠠᠭᠤᠯᠭᠠᠬᠤ᠃    ︵ᠬᠤᠶᠠᠷ︶ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤᠮᠳᠠ ᠨᠡᠶᠢᠭᠡᠮ ᠨᠡᠶᠢᠲᠡ ᠶᠢᠨ ᠡᠮᠬᠢ ᠳᠢᠭᠯᠢᠮ ᠢ ᠰᠠᠮᠠᠭᠤᠷᠠᠭᠤᠯᠵᠤ᠂ ᠣᠯᠠᠨ ᠨᠡᠶᠢᠲᠡ ᠶᠢᠨ ᠠᠮᠤᠷ ᠲᠥᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ᠃    1.  ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠭᠤᠴᠢᠨ ᠨᠢᠭᠡᠳᠦᠭᠡᠷ ᠵᠦᠢᠯ ᠤᠨ  ᠨᠢᠭᠡ  ᠬᠤᠶᠠᠷ  ᠭᠤᠷᠪᠠ  ᠳᠥᠷᠪᠡ  ᠲᠠᠪᠤ  ᠳ᠋ᠤᠭᠠᠷ  ᠵᠤᠷᠪᠤᠰ ᠲᠤ ᠲᠣᠭᠲᠠᠭᠠᠭᠰᠠᠨ ᠳᠡᠰ ᠳᠠᠷᠠᠭᠠᠯᠠᠯ ᠢᠶᠠᠷ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠨ᠎ᠡ ᠬᠡᠵᠦ ᠲᠤᠳᠤᠷᠬᠠᠢ ᠮᠡᠳᠡᠭᠳᠡᠭᠰᠡᠨ ᠪᠠᠶᠢᠳᠠᠯ᠎ᠠ ᠲᠠᠬᠢᠨ ᠲᠠᠪᠳᠠᠨ ᠵᠠᠭᠠᠯᠳᠤᠵᠤ ᠦᠢᠮᠡᠬᠦᠯᠬᠦ ᠪᠤᠶᠤ ᠱᠠᠲᠤ ᠠᠯᠤᠰᠯᠠᠨ ᠵᠠᠭᠠᠯᠳᠤᠯᠭ᠎ᠠ ᠬᠢᠵᠦ᠂ ᠪᠠᠶᠢᠭᠤᠯᠭ᠎ᠠ ᠨᠢᠭᠡᠴᠡ ᠶᠢᠨ ᠠᠯᠪᠠᠨ ᠠᠵᠢᠯ ᠪᠠ ᠣᠯᠠᠨ ᠨᠡᠶᠢᠲᠡ ᠶᠢᠨ ᠡᠮᠬᠢ ᠳᠢᠭᠯᠢᠮ ᠢ ᠰᠠᠮᠠᠭᠤᠷᠠᠭᠤᠯᠬᠤ ᠃    2. ᠮᠠᠲ᠋ᠧᠷᠢᠶᠠᠯ ᠢᠶᠠᠨ ᠲᠤᠰᠢᠶᠠᠬᠤ᠂ ᠠᠰᠠᠭᠤᠳᠠᠯ ᠢ ᠲᠤᠰᠬᠠᠬᠤ ᠵᠡᠷᠭᠡ ᠪᠠᠷ ᠰᠢᠯᠲᠠᠭ ᠪᠣᠯᠭᠠᠵᠤ᠂ ᠠᠯᠪᠠᠨ  ᠪᠠᠶᠢᠭᠤᠯᠭ᠎ᠠ ᠪᠠ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠠᠵᠠᠷ ᠢ ᠦᠢᠮᠡᠬᠦᠯᠵᠦ ᠰᠠᠮᠠᠭᠤᠷᠠᠭᠤᠯᠬᠤ ᠪᠤᠶᠤ ᠬᠠᠮᠳᠤ ᠬᠤᠪᠢ ᠶᠢᠨ ᠡᠳ᠋ ᠪᠣᠳᠠᠰ ᠢ ᠵᠣᠷᠢᠭᠤᠳᠠ ᠡᠪᠳᠡᠨ ᠰᠦᠢᠳᠭᠡᠬᠦ᠃    3.ᠠᠯᠪᠠᠨ ᠪᠠᠶᠢᠭᠤᠯᠭ᠎ᠠ ᠪᠠ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠠᠵᠠᠷ ᠲᠤ ᠠᠯᠪᠠᠨ ᠠᠵᠢᠯᠳᠠᠨ ᠢ ᠠᠶᠤᠯᠭᠠᠨ ᠰᠦᠷᠳᠡᠭᠦᠯᠬᠦ᠂ ᠬᠠᠷᠢᠶᠠᠵᠤ ᠲᠤᠷᠤᠮᠵᠢᠯᠠᠬᠤ᠂  ᠬᠠᠰᠢᠵᠤ ᠪᠦᠰᠡᠯᠡᠬᠦ᠂  ᠴᠤᠬᠢᠵᠤ ᠵᠤᠳᠤᠬᠤ᠂ ᠭᠡᠷᠡᠭ ᠶᠠᠪᠤᠳᠠᠯ ᠢ ᠭᠠᠵᠢᠭᠤᠳᠠᠭᠤᠯᠤᠨ ᠵᠤᠬᠢᠶᠠᠵᠤ ᠦᠷᠦᠬᠡᠯ ᠪᠤᠰᠤᠳ ᠢ ᠬᠦᠳᠭᠡᠵᠦ ᠬᠦᠵᠢᠷᠯᠡᠬᠦ ᠪᠤᠶᠤ ᠪᠤᠰᠤᠳ ᠤᠨ ᠪᠡᠶ᠎ᠡ ᠶᠢᠨ ᠡᠷᠭᠡ ᠴᠢᠯᠦᠭᠡ ᠶᠢ ᠬᠠᠤᠯᠢ ᠪᠤᠰᠤ ᠪᠠᠷ ᠡᠵᠡᠮᠳᠡᠵᠤ᠂ ᠠᠯᠪᠠᠨ ᠠᠵᠢᠯᠳᠠᠨ ᠤ ᠠᠵᠢᠯ ᠠᠮᠢᠳᠤᠷᠠᠯ ᠢ ᠬᠠᠷᠰᠢᠯᠠᠬᠤ᠃      4. ᠫᠤᠤ ᠵᠡᠪᠰᠡᠭ᠂ ᠰᠤᠮᠤ ᠳᠠᠷᠢ᠂ ᠬᠢᠳᠤᠭ᠎ᠠ ᠰᠢᠪᠦᠭᠡ᠂ ᠲᠡᠯᠪᠡᠷᠡᠮᠡᠳᠡᠭᠡᠢ᠂ ᠬᠤᠤᠷᠠᠳᠠᠢ᠂ ᠰᠢᠳᠠᠮᠠᠳᠠᠭᠠᠢ᠂ ᠰᠠᠴᠤᠷᠠᠭ ᠴᠢᠨᠠᠷᠳᠠᠢ᠂ ᠢᠳᠡᠮᠡᠭᠡᠢ ᠴᠢᠨᠠᠷ ᠲᠠᠢ ᠠᠶᠤᠯᠲᠠᠢ ᠪᠤᠳᠠᠰ ᠢ ᠠᠯᠪᠠᠨ ᠪᠠᠶᠢᠭᠤᠯᠭ᠎ᠠ ᠪᠠ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠲᠠᠯᠠᠪᠤᠷ᠂ ᠤᠯᠠᠨ ᠨᠡᠶᠢᠲᠡ ᠶᠢᠨ ᠲᠠᠯᠠᠪᠤᠷ ᠲᠤ ᠠᠪᠠᠴᠢᠵᠤ᠂ ᠦᠪᠡᠷ ᠤᠨ ᠪᠡᠶ᠎ᠡ ᠦᠷᠦᠭᠡᠯ ᠪᠤᠰᠤᠳ ᠢ ᠰᠢᠷᠬᠠᠳᠤᠭᠤᠯᠬᠤ ᠪᠤᠶᠤ ᠭᠠᠯᠳᠠᠬᠤ᠂ ᠲᠡᠯᠪᠡᠴᠢᠬᠦ᠂  ᠬᠤᠤᠷᠠᠳᠠᠭᠤᠯᠬᠤ ᠪᠠᠷ ᠠᠶᠤᠯᠭᠠᠬᠤ᠃    5. ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠵᠠᠬᠢᠲᠠᠯ ᠰᠤᠷᠪᠤᠯᠵᠢᠯᠠᠭ᠎ᠠ ᠬᠦᠯᠢᠶᠡᠨ ᠠᠪᠬᠤ ᠪᠤᠰᠤ ᠭᠠᠵᠠᠷ ᠲᠤ ᠬᠦᠷᠴᠦ᠂ ᠬᠠᠤᠯᠢ ᠪᠤᠰᠤ ᠪᠠᠷ ᠪᠦᠬᠡᠮᠨᠡᠷᠡᠨ ᠴᠤᠭᠯᠠᠷᠠᠵᠤ᠂ ᠬᠡᠷᠡᠭ ᠡᠳᠦᠬᠦ ᠪᠤᠶᠤ ᠬᠡᠲᠦᠷᠡᠮᠡᠬᠡᠢ ᠠᠷᠭ᠎ᠠ ᠬᠡᠯᠪᠡᠷᠢ ᠪᠠᠷ ᠬᠦᠰᠡᠯ ᠱᠠᠭᠠᠷᠳᠠᠯᠭ᠎ᠠ ᠪᠠᠨ ᠢᠯᠡᠳᠬᠡᠵᠦ᠂ ᠨᠡᠶᠢᠬᠡᠮ ᠤᠨ ᠡᠮᠬᠢ ᠲᠢᠭᠯᠢᠮ ᠢ  ᠰᠠᠮᠠᠭᠤᠷᠠᠭᠤᠯᠤᠨ᠂ ᠨᠡᠶᠢᠲᠡ ᠶᠢᠨ ᠠᠮᠤᠷ ᠲᠥᠪᠰᠢᠨ ᠢ ᠬᠠᠷᠰᠢᠯᠠᠬᠤ  ᠃    6. ᠡᠯ᠎ᠡ ᠱᠠᠲᠤᠨ ᠤ ᠠᠯᠪᠠᠨ ᠪᠠᠶᠢᠭᠤᠯᠭ᠎ᠠ᠂ ᠠᠷᠠᠳ ᠤᠨ ᠪᠦᠯᠬᠦᠮ᠂ ᠵᠠᠮ ᠬᠠᠷᠢᠯᠴᠠᠭᠠᠨ ᠤ ᠲᠠᠯᠠᠪᠤᠷ᠂ ᠴᠢᠬᠤᠯᠠ ᠶᠡᠭᠡ ᠬᠦᠳᠡᠯᠪᠦᠷᠢ ᠠᠵᠢᠯᠯᠠᠭᠠᠨ ᠤ ᠲᠠᠯᠠᠪᠤᠷ ᠪᠠ ᠪᠤᠰᠤᠳ ᠣᠯᠠᠨ ᠨᠡᠶᠢᠲᠡ ᠶᠢᠨ ᠲᠠᠯᠠᠪᠤᠷ ᠲᠤ ᠨᠢᠭᠡᠳᠦᠯᠲᠡᠶ ᠬᠤᠪᠴᠠᠰᠤᠯᠠᠬᠤ᠂ ᠨᠢᠭᠡᠳᠦᠯᠲᠡᠶ ᠲᠡᠮᠳᠡᠭ ᠵᠡᠭᠦᠬᠦ᠂ ᠵᠠᠬᠢᠳᠠᠯ ᠰᠤᠷᠪᠤᠯᠵᠢᠯᠠᠭ᠎ᠠ ᠶᠢᠨ ᠮᠠᠲ᠋ᠧᠷᠢᠶᠠᠯ ᠨᠠᠭᠠᠬᠤ᠂ ᠤᠷᠢᠶ᠎ᠠ ᠬᠠᠰᠬᠢᠷᠬᠤ᠂ ᠪᠢᠴᠢᠭᠡᠰᠦ ᠡᠯᠬᠦᠬᠦ᠂ ᠬᠤᠪᠴᠠᠰᠤ ᠬᠤᠨᠠᠷ᠂ ᠶᠠᠭᠤᠮ᠎ᠠ ᠬᠡᠦᠮ᠎ᠡ ᠪᠠᠨ ᠰᠢᠲᠠᠭᠠᠬᠤ  ᠪᠤᠶᠤ ᠠᠰᠠᠷ ᠠᠴᠠ ᠤᠨᠠᠬᠤ᠂ ᠪᠡᠶ᠎ᠡ ᠪᠠᠨ ᠭᠠᠯᠳᠠᠬᠤ  ᠵᠡᠷᠭᠡ ᠭᠡᠳᠦᠷᠡᠮᠡᠬᠡᠢ ᠠᠷᠭ᠎ᠠ ᠪᠠᠷ ᠭᠤᠮᠤᠳᠠᠯ ᠵᠠᠭᠠᠯᠳᠤᠯᠭ᠎ᠠ ᠪᠠᠨ ᠢᠯᠡᠳᠬᠡᠬᠦ᠃      7.  ᠠᠯᠪᠠᠨ ᠪᠠᠶᠢᠭᠤᠯᠭ᠎ᠠ᠂  ᠵᠠᠬᠢᠲᠠᠯ ᠰᠣᠷᠪᠤᠯᠵᠢᠯᠠᠭ᠎ᠠ ᠬᠦᠯᠢᠶᠡᠨ ᠠᠪᠬᠤ ᠭᠠᠵᠠᠷ᠂ ᠣᠯᠠᠨ ᠲᠦᠮᠡᠨ ᠤ ᠬᠦᠳᠡᠯᠬᠡᠬᠡᠨ ᠤ ᠭᠠᠵᠠᠷ᠂ ᠴᠢᠬᠤᠯᠠ ᠬᠤᠷᠠᠯ ᠤᠨ ᠲᠠᠯᠠᠪᠠᠢ ᠶᠢ ᠪᠦᠰᠡᠯᠡᠵᠦ ᠲᠠᠭᠠᠷᠢᠬᠤ ᠠᠵᠢᠯᠯᠠᠭ᠎ᠠ ᠶᠢ ᠵᠤᠬᠢᠶᠠᠨ ᠪᠠᠶᠢᠭᠤᠯᠬᠤ ᠪᠤᠶᠤ ᠲᠡᠬᠦᠨ ᠳᠤ ᠤᠷᠤᠯᠴᠠᠬᠤ᠂  ᠬᠠᠤᠯᠢ ᠪᠤᠰᠤ ᠪᠠᠷ ᠲᠡᠷᠭᠡ ᠬᠦᠰᠭᠡ ᠶᠢ ᠬᠠᠰᠢᠵᠤ᠂ ᠵᠠᠮ ᠬᠠᠷᠢᠯᠴᠠᠭ᠎ᠠ ᠶᠢ ᠲᠦᠭᠵᠢᠷᠡᠬᠦᠯᠦᠨ᠂ ᠠᠵᠢᠯ ᠠᠮᠢᠳᠤᠷᠠᠯ ᠤᠨ ᠡᠮᠬᠢ ᠲᠢᠭᠯᠢᠮ ᠢ ᠬᠦᠨᠳᠦ ᠨᠣᠴᠢᠲᠠᠢ ᠰᠠᠮᠠᠭᠤᠷᠠᠭᠤᠯᠬᠤ᠃ ᠠᠯᠪᠠᠨ ᠠᠵᠢᠯᠳᠠᠨ ᠤ ᠡᠬᠦᠷᠭᠡ ᠲᠤᠰᠢᠶᠠᠯ ᠢᠶᠠᠨ ᠬᠠᠤᠯᠢ ᠶᠤᠰᠤᠭᠠᠷ ᠭᠦᠢᠴᠡᠳᠭᠡᠬᠦ ᠶᠢ ᠲᠡᠪᠴᠢᠵᠦ᠂ ᠬᠠᠷᠰᠢᠯᠠᠬᠤ ᠪᠤᠶᠤ ᠰᠡᠷᠡᠮᠵᠢᠯᠡᠬᠦᠯᠬᠦ ᠪᠦᠰᠡ ᠰᠡᠷᠡᠮᠵᠢᠯᠡᠬᠦᠯᠬᠦ ᠲᠤᠭᠤᠷᠢᠭ ᠢ ᠰᠢᠪᠳᠤᠯᠤᠨ ᠲᠠᠭᠠᠷᠢᠵᠤ᠂ ᠬᠦᠴᠦᠷᠭᠡᠭᠯᠡᠯ᠂ ᠰᠦᠷᠳᠡᠭᠦᠯᠦᠯ ᠤᠨ ᠠᠷᠭ᠎ᠠ ᠪᠠᠷ  ᠠᠯᠪᠠᠨ ᠠᠵᠢᠯᠳᠠᠨ ᠤ ᠡᠬᠦᠷᠭᠡ ᠲᠤᠰᠢᠶᠠᠯ ᠢᠶᠠᠨ ᠭᠦᠢᠴᠡᠳᠭᠡᠬᠦ ᠶᠢ ᠬᠠᠷᠰᠢᠯᠠᠬᠤ᠃    8. ᠪᠡᠭᠡᠵᠢᠩ ᠬᠥᠬᠡᠬᠤᠲᠠ ᠤᠷᠤᠵᠤ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠠᠵᠠᠷ ᠲᠤ ᠬᠠᠤᠯᠢ ᠪᠤᠰᠤ ᠪᠠᠷ ᠴᠤᠭᠯᠠᠷᠠᠨ᠂ ᠬᠠᠭᠤᠳᠠᠰᠤ ᠲᠠᠷᠬᠠᠭᠠᠬᠤ᠂ ᠤᠷᠢᠶ᠎ᠠ ᠨᠠᠭᠠᠬᠤ᠂  ᠪᠢᠴᠢᠭᠡᠰᠦ ᠡᠯᠬᠦᠬᠦ᠂ ᠬᠡᠷᠡᠭ ᠡᠳᠦᠬᠦ ᠪᠤᠶᠤ ᠬᠡᠲᠦᠷᠡᠮᠡᠬᠡᠢ ᠠᠷᠭ᠎ᠠ ᠬᠡᠯᠪᠡᠷᠢ ᠪᠠᠷ ᠭᠤᠮᠣᠳᠠᠯ ᠱᠠᠭᠠᠷᠳᠠᠯᠭ᠎ᠠ ᠪᠠᠨ ᠢᠯᠡᠳᠭᠡᠨ᠂ ᠨᠡᠶᠢᠭᠡᠮ ᠨᠡᠶᠢᠲᠡ ᠶᠢᠨ ᠡᠮᠬᠢ ᠵᠢᠷᠤᠮ ᠢ ᠬᠦᠨᠳᠦ ᠨᠣᠴᠢᠲᠠᠢ ᠰᠠᠮᠠᠭᠤᠷᠠᠭᠤᠯᠬᠤ ᠪᠠ ᠬᠡᠪ ᠤᠨ ᠠᠵᠢᠯ ᠤᠨ ᠡᠮᠬᠢ ᠵᠢᠷᠤᠮ ᠢ ᠬᠦᠨᠳᠦ ᠨᠣᠴᠢᠲᠠᠢ ᠰᠠᠮᠠᠭᠤᠷᠠᠭᠤᠯᠬᠤ᠃      9. ᠵᠠᠬᠢᠳᠠᠯ ᠰᠤᠷᠪᠤᠯᠵᠢᠯᠠᠭ᠎ᠠ ᠬᠢᠬᠦ ᠨᠡᠷ᠎ᠡ ᠪᠠᠷ ᠬᠢᠵᠢᠭ ᠤᠨ ᠪᠠᠶᠢᠳᠠᠯ᠂ ᠲᠦᠭᠰᠢᠬᠦᠷᠢ ᠶᠢᠨ ᠪᠠᠶᠢᠳᠠᠯ᠂ ᠴᠠᠭᠳᠠᠭᠠᠨ ᠤ ᠪᠠᠶᠢᠳᠠᠯ ᠢ  ᠬᠠᠭᠤᠷᠮᠠᠭᠯᠠᠨ ᠵᠤᠬᠢᠶᠠᠵᠤ  ᠨᠡᠶᠢᠬᠡᠮ ᠨᠡᠶᠢᠳᠡ ᠶᠢᠨ ᠠᠩᠬᠠᠷᠤᠯ ᠢ ᠲᠠᠳᠠᠬᠤ ᠪᠤᠶᠤ ᠬᠠᠤᠯᠢ ᠪᠤᠰᠤ ᠪᠠᠷ ᠠᠰᠢᠭ  ᠬᠦᠷᠳᠡᠬᠦ᠃     10. ᠵᠠᠬᠢᠳᠠᠯ ᠰᠤᠷᠪᠤᠯᠵᠢᠯᠠᠭ᠎ᠠ ᠬᠢᠬᠦ ᠨᠡᠷ᠎ᠡ ᠪᠠᠷ ᠠᠰᠢᠭ ᠬᠤᠨᠵᠢᠪᠤᠷᠢ ᠤᠯᠵᠦ᠂ ᠨᠡᠶᠢᠭᠡᠮ ᠤᠨ ᠶᠠᠪᠤᠳᠠᠯ ᠳᠤ ᠭᠠᠷ ᠳᠦᠷᠤᠨ᠂ ᠨᠡᠶᠢᠭᠡᠮ ᠤᠨ ᠡᠮᠬᠢ ᠲᠢᠭᠯᠢᠮ ᠪᠠ ᠵᠠᠬᠢᠳᠠᠯ ᠰᠤᠷᠪᠤᠯᠵᠢᠯᠠᠭ᠎ᠠ ᠶᠢᠨ ᠡᠮᠬᠢ ᠲᠢᠭᠯᠢᠮ ᠢ  ᠰᠠᠮᠠᠭᠤᠷᠠᠭᠤᠯᠬᠤ᠃     11. ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤᠮᠳᠠᠬᠢ ᠬᠠᠤᠯᠢ ᠠᠴᠠ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ᠃      ︵ᠭᠤᠷᠪᠠ︶ ᠰᠦᠯᠵᠢᠶ᠎ᠡ ᠶᠢ ᠠᠰᠢᠭᠯᠠᠵᠤ ᠬᠢᠭᠰᠡᠨ ᠬᠠᠤᠯᠢ ᠪᠤᠰᠤ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠪᠠ ᠵᠠᠬᠢᠳᠠᠯ ᠰᠤᠷᠪᠤᠯᠵᠢᠯᠠᠭ᠎ᠠ ᠪᠠᠷ ᠰᠢᠯᠲᠠᠭ ᠪᠤᠯᠭᠠᠭᠰᠠᠨ ᠬᠠᠤᠯᠢ ᠪᠤᠰᠤ ᠠᠵᠢᠯᠯᠠᠭ᠎ᠠ᠃    1. ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤᠮᠳᠠ᠂  ᠢᠨᠲ᠋ᠧᠷ ᠰᠦᠯᠵᠢᠶ᠎ᠡ᠂ ᠪᠢᠴᠢᠯ ᠪᠦᠷᠭᠡ᠂ ᠸᠢᠴᠠᠲ᠂ QQ᠂  ᠲᠢᠭ᠋ ᠲᠤᠭ᠂  ᠬᠤᠷᠳᠤᠨ ᠭᠠᠷ ᠵᠡᠷᠭᠡ ᠴᠢᠮᠡᠭᠡ ᠬᠤᠯᠪᠣᠭᠠᠨ ᠤ ᠪᠠᠭᠠᠵᠢ ᠶᠢ ᠠᠰᠢᠭᠯᠠᠨ᠂ ᠵᠠᠬᠢᠳᠠᠯ ᠰᠤᠷᠪᠤᠯᠵᠢᠯᠠᠭ᠎ᠠ ᠶᠢᠨ ᠬᠠᠮᠢᠶᠠᠳᠠᠢ ᠬᠤᠳᠠᠯ ᠬᠠᠭᠤᠷᠮᠠᠭ ᠮᠡᠳᠡᠭᠡ ᠵᠠᠩᠭᠢ ᠶᠢ ᠨᠠᠶᠢᠷᠠᠭᠤᠯᠤᠨ ᠲᠠᠷᠬᠠᠭᠠᠵᠤ᠂ ᠪᠤᠰᠤᠳ ᠢ ᠥᠳᠥᠭᠡᠨ᠂ ᠤᠯᠠᠨ ᠢ ᠵᠣᠬᠢᠶᠠᠨ ᠪᠠᠶᠢᠭᠤᠯᠵᠤ ᠵᠠᠭᠠᠯᠳᠤᠭ᠎ᠠ ᠬᠢᠵᠦ ᠦᠢᠮᠡᠬᠦᠯᠬᠦ᠂ ᠡᠰᠡᠬᠦᠯ᠎ᠡ ᠪᠤᠰᠤᠳ ᠬᠥᠮᠦᠨ ᠤ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠬᠢᠬᠦ ᠳᠤ ᠳᠡᠮᠵᠢᠯᠭᠡ ᠦᠵᠡᠭᠦᠯᠵᠦ ᠬᠠᠪᠰᠤᠷᠤᠯᠭ᠎ᠠ ᠪᠤᠯᠬᠤ᠃     2. ᠦᠳᠦᠭᠡᠨ ᠲᠠᠳᠠᠬᠤ᠂ ᠬᠤᠯᠪᠤᠭᠠᠯᠠᠨ ᠰᠦᠯᠪᠡᠭᠡᠯᠡᠬᠦ᠂ ᠠᠶᠤᠯᠭᠠᠨ ᠰᠦᠷᠳᠡᠬᠦᠯᠬᠦ᠂ ᠬᠦᠰᠢᠬᠡ ᠶᠢᠨ ᠠᠷᠤ  ᠠᠴᠠ ᠵᠢᠯᠤᠭᠤᠳᠬᠤ ᠬᠡᠯᠪᠡᠷᠢ ᠪᠠᠷ ᠦᠨᠡᠨ ᠪᠠᠶᠢᠳᠠᠯ ᠢ ᠲᠤᠳᠤᠷᠬᠠᠢ ᠮᠡᠳᠡᠬᠦ ᠦᠭᠡᠢ ᠤᠯᠠᠨ ᠲᠦᠮᠡᠨ ᠢ ᠦᠳᠤᠬᠡᠵᠤ ᠵᠠᠬᠢᠳᠠᠯ   ᠰᠤᠷᠪᠤᠯᠵᠢᠯᠠᠭ᠎ᠠ ᠳᠤ ᠤᠷᠤᠯᠴᠠᠭᠤᠯᠬᠤ ᠪᠤᠶᠤ ᠪᠤᠰᠤᠳ ᠢ ᠵᠤᠬᠢᠶᠠᠨ ᠪᠠᠶᠢᠭᠤᠯᠬᠤ ᠪᠠ ᠬᠠᠪᠰᠤᠷᠤᠨ ᠲᠡᠮᠵᠢᠵᠦ ᠪᠠᠶᠢᠭᠠᠳ ᠬᠠᠤᠯᠢ ᠪᠤᠰᠤ ᠵᠠᠬᠢᠳᠠᠯ ᠰᠤᠷᠪᠤᠯᠵᠢᠯᠠᠭ᠎ᠠ ᠳᠤ ᠤᠷᠤᠯᠴᠠᠭᠤᠯᠬᠤ᠂ ᠪᠤᠰᠤᠳ ᠤᠨ ᠪᠡᠶ᠎ᠡ ᠶᠢᠨ ᠦᠨᠡᠮᠯᠡᠯ ᠢ ᠬᠠᠭᠤᠷᠮᠠᠭᠯᠠᠨ  ᠭᠡᠷᠡᠭᠯᠡᠵᠦ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠬᠢᠬᠦ᠃       3. ᠰᠦᠯᠵᠢᠶ᠎ᠡ᠂ ᠤᠳᠠᠰᠤ᠂  ᠸᠢᠴᠠᠲ᠂ ᠣᠬᠤᠷ ᠵᠠᠬᠢᠶ᠎ᠠ ᠵᠡᠷᠭᠡ ᠪᠠᠷ ᠳᠠᠮᠵᠢᠨ ᠠᠯᠪᠠᠨ ᠠᠵᠢᠯᠲᠠᠳ ᠢ ᠦᠢᠮᠡᠭᠦᠯᠬᠦ ᠪᠤᠶᠤ ᠣᠷᠣᠨ ᠰᠠᠭᠤᠴᠠ ᠳᠤ ᠣᠷᠣᠬᠤ᠂ ᠪᠡᠶ᠎ᠡ ᠶᠢᠨ ᠡᠷᠭᠡ ᠳᠤᠨᠢ ᠬᠠᠯᠳᠠᠬᠤ ᠮᠡᠳᠦ ᠶᠢᠨ ᠠᠷᠭ᠎ᠠ ᠮᠠᠶ᠋ᠢᠭ ᠢᠶᠠᠷ  ᠠᠯᠪᠠᠨ ᠠᠵᠢᠯᠳᠠᠨ ᠤ ᠬᠡᠪ ᠤᠨ ᠠᠮᠢᠳᠤᠷᠠᠯ ᠢ ᠬᠠᠷᠰᠢᠯᠠᠬᠤ᠃ ᠬᠡᠷᠡᠭ ᠶᠠᠪᠤᠳᠠᠯ ᠢ ᠭᠠᠵᠢᠭᠤᠳᠠᠭᠤᠯᠤᠨ ᠵᠣᠬᠢᠶᠠᠵᠤ᠂ ᠦᠷᠦᠭᠡᠯ ᠪᠤᠰᠤᠳ ᠢ ᠬᠦᠳᠭᠡᠨ ᠬᠦᠵᠢᠷᠯᠡᠵᠦ  ᠂ ᠪᠤᠰᠤᠳ ᠲᠤ ᠬᠠᠤᠯᠢ ᠶᠢᠨ ᠬᠠᠷᠢᠭᠤᠴᠠᠯᠭ᠎ᠠ ᠲᠤᠯᠭᠠᠬᠤ ᠪᠠᠷ ᠤᠷᠤᠯᠳᠤᠬᠤ᠃    ︵ᠲᠦᠷᠪᠡ︶  ᠵᠠᠬᠢᠳᠠᠯ ᠰᠣᠷᠪᠤᠯᠵᠢᠯᠠᠭ᠎ᠠ ᠶᠢᠨ ᠠᠵᠢᠯᠯᠠᠭ᠎ᠠ ᠬᠢᠬᠦ ᠶᠠᠪᠤᠴᠠ ᠳᠤ ᠪᠤᠶᠤ ᠵᠠᠬᠢᠳᠠᠯ ᠰᠣᠷᠪᠤᠯᠵᠢᠯᠠᠭ᠎ᠠ ᠶᠢᠨ ᠨᠡᠷ᠎ᠡ ᠪᠠᠷ ᠲᠤᠰ ᠵᠠᠷᠯᠠᠯ ᠳᠤ ᠵᠢᠭᠰᠠᠭᠠᠭᠰᠠᠨ ᠪᠠ ᠵᠠᠷᠯᠠᠯ ᠠᠴᠠ ᠭᠠᠳᠠᠨᠠᠬᠢ ᠬᠠᠤᠯᠢ ᠶᠢ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠶᠢ ᠬᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠮᠢᠶ᠎ᠠ ᠪᠦᠬᠦᠢ ᠬᠠᠤᠯᠢ  ᠲᠦᠷᠢᠮ ᠢ ᠦᠨᠳᠦᠰᠦᠯᠡᠨ ᠵᠠᠰᠠᠭ ᠵᠠᠬᠢᠷᠭᠠᠨ ᠤ  ᠰᠢᠳᠬᠡᠯ ᠥᠭᠭᠦᠨ᠎ᠡ᠃   ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠵᠤ ᠶᠠᠯᠠᠳᠤ ᠠᠵᠢᠯᠯᠠᠭ᠎ᠠ ᠪᠤᠯᠤᠭᠰᠠᠨ ᠪᠤᠯ  ᠬᠠᠤᠯᠢ ᠶᠤᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃  ᠪᠤᠰᠤᠳ ᠢ ᠵᠢᠭᠠᠨ ᠲᠤᠬᠢᠵᠤ᠂ ᠠᠶᠤᠯᠭᠠᠨ ᠰᠦᠷᠳᠡᠭᠦᠯᠵᠤ᠂ ᠬᠠᠭᠤᠷᠤᠨ ᠮᠡᠬᠡᠯᠡᠵᠦ ᠪᠠᠶᠢᠭᠠᠳ ᠬᠠᠤᠯᠢ ᠪᠤᠰᠤ ᠶᠠᠯᠠᠳᠤ ᠠᠵᠢᠯᠯᠠᠭ᠎ᠠ ᠬᠢᠯᠭᠡᠭᠰᠡᠨ ᠪᠤᠯ  ᠬᠠᠮᠢᠶ᠎ᠠ ᠪᠦᠬᠦᠢ ᠬᠠᠤᠯᠢ ᠲᠦᠷᠢᠮ ᠤᠨ ᠲᠠᠭᠠᠤ ᠴᠢᠩᠭ᠎ᠠ ᠰᠢᠢᠳᠪᠤᠷᠢᠯᠡᠨ᠎ᠡ᠃    ᠭᠤᠷᠪᠠ᠂ ᠠᠯᠪᠠᠨ ᠠᠵᠢᠯᠳᠠᠨ᠂ ᠨᠠᠮ ᠤᠨ ᠭᠡᠰᠢᠭᠦᠨ ᠳᠡᠭᠡᠷᠡᠬᠢ ᠲᠣᠭᠲᠠᠭᠠᠯ ᠢ ᠵᠦᠷᠢᠴᠡᠪᠡᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ ᠪᠤᠶᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠲᠤᠰᠢᠶᠠᠵᠤ ᠨᠠᠮ ᠤᠨ ᠰᠠᠬᠢᠯᠭ᠎ᠠ ᠲᠦᠷᠢᠮ ᠪᠠ ︽ᠠᠯᠪᠠᠨ ᠠᠵᠢᠯᠳᠠᠨ ᠳᠤ ᠵᠠᠰᠠᠭ ᠤᠨ ᠶᠠᠪᠤᠳᠠᠯ ᠤᠨ ᠰᠢᠳᠭᠡᠯ ᠤᠯᠭᠤᠬᠤ ᠬᠠᠤᠯᠢ︾ ᠪᠠᠷ ᠰᠢᠢᠳᠪᠦᠷᠢᠯᠡᠨ᠎ᠡ᠃    ᠳᠥᠷᠪᠡ᠂ ᠳᠣᠣᠷᠠᠬᠢ ᠪᠠᠶᠢᠳᠠᠯ ᠳᠤ ᠬᠠᠤᠯᠢ ᠶᠣᠰᠣᠭᠠᠷ ᠬᠦᠨᠳᠦ ᠰᠢᠳᠬᠡᠨ᠎ᠡ᠄    ︵ᠨᠢᠭᠡ︶ ᠴᠢᠬᠤᠯᠠ ᠶᠡᠭᠡ ᠪᠠᠶᠠᠷ ᠲᠤᠷᠠᠰᠬᠠᠯ ᠤᠨ ᠡᠳᠦᠷ᠂ ᠴᠢᠬᠤᠯᠠ ᠶᠡᠭᠡ ᠬᠦᠳᠡᠯᠪᠦᠷᠢ ᠠᠵᠢᠯᠯᠠᠭ᠎ᠠ᠂ ᠴᠢᠬᠤᠯᠠ ᠶᠡᠭᠡ ᠬᠤᠷᠠᠯ ᠤᠨ ᠬᠤᠭᠤᠴᠠᠭ᠎ᠠ ᠶᠢ ᠠᠰᠢᠭᠯᠠᠨ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠪᠤᠰᠤ ᠭᠠᠵᠠᠷ ᠲᠤ ᠬᠦᠷᠴᠦ ᠬᠠᠤᠯᠢ ᠪᠤᠰᠤ ᠵᠠᠬᠢᠳᠠᠯ  ᠰᠤᠷᠪᠤᠯᠵᠢᠯᠠᠭ᠎ᠠ ᠶᠢᠨ ᠠᠵᠢᠯᠯᠠᠭ᠎ᠠ ᠬᠢᠬᠦ  ᠃    ︵ᠬᠤᠶᠠᠷ︶ ᠳᠠᠬᠢᠨ ᠳᠠᠪᠲᠠᠨ ᠱᠠᠲᠤ ᠠᠯᠤᠰᠯᠠᠵᠤ ᠵᠠᠬᠢᠳᠠᠯ ᠰᠤᠷᠪᠤᠯᠵᠢᠯᠠᠭ᠎ᠠ ᠬᠢᠬᠦ᠂ ᠵᠢᠭᠤᠷᠠᠯᠳᠤᠨ ᠦᠢᠮᠡᠬᠦᠯᠬᠦ  ᠡᠰᠡᠬᠦᠯ᠎ᠡ ᠲᠣᠭᠲᠠᠭᠠᠯ ᠶᠣᠰᠣᠭᠠᠷ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠠᠵᠠᠷ ᠲᠤ ᠬᠦᠷᠴᠦ ᠠᠰᠠᠭᠤᠳᠠᠯ ᠢᠶᠠᠨ  ᠲᠤᠰᠬᠠᠬᠤ ᠦᠬᠡᠢ᠂ ᠬᠡᠷᠡᠭ ᠡᠳᠦᠵᠦ  ᠦᠢᠮᠡᠬᠦᠯᠦᠨ᠂ ᠠᠮᠤᠷ ᠢ ᠬᠠᠮᠠᠭᠠᠯᠠᠬᠤ ᠬᠠᠮᠢᠶᠠᠷᠤᠯᠲᠠ ᠠᠴᠠ ᠵᠦᠷᠢᠴᠡᠬᠦ᠃    ︵ᠭᠤᠷᠪᠠ︶ ᠬᠠᠤᠯᠢ ᠪᠤᠰᠤ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠤᠬᠠᠭᠠᠯᠠᠨ ᠲᠥᠰᠦᠪᠯᠡᠬᠦ ᠪᠠ ᠡᠳ᠋ ᠮᠦᠩᠬᠦ ᠪᠠᠷ  ᠲᠤᠰᠠᠯᠠᠨ ᠲᠡᠮᠵᠢᠬᠦ᠃     ︵ᠲᠦᠷᠪᠡ︶ ᠵᠠᠬᠢᠳᠠᠯ ᠰᠤᠷᠪᠤᠯᠵᠢᠯᠠᠭ᠎ᠠ ᠶᠢ ᠨᠢᠭᠡᠨᠳᠠ ᠬᠠᠤᠯᠢ ᠶᠤᠰᠤᠭᠠᠷ ᠰᠢᠢᠳᠪᠦᠷᠢᠯᠡᠨ ᠲᠠᠭᠤᠰᠬᠠᠭᠰᠠᠨ ᠤ ᠲᠠᠷᠠᠭ᠎ᠠ ᠦᠷᠬᠦᠯᠵᠢᠯᠡᠨ ᠵᠠᠭᠠᠯᠳᠤᠵᠤ ᠬᠠᠤᠯᠢ ᠠᠴᠠ ᠵᠦᠷᠢᠴᠡᠬᠦ᠃     ︵ᠲᠠᠪᠤ︶ ᠬᠠᠤᠯᠢ ᠪᠤᠰᠤ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠠᠴᠠ ᠪᠤᠯᠵᠤ ᠵᠠᠰᠠᠭ ᠵᠠᠬᠢᠷᠭᠠᠨ ᠤ ᠪᠤᠶᠤ ᠡᠷᠡᠭᠦᠦ ᠶᠢᠨ ᠰᠢᠳᠬᠡᠯ ᠣᠯᠤᠭᠰᠠᠨ ᠤ ᠳᠠᠷᠠᠭ᠎ᠠ᠂ ᠦᠷᠬᠦᠯᠵᠢᠯᠡᠨ ᠬᠠᠤᠯᠢ ᠪᠤᠰᠤ ᠵᠠᠬᠢᠳᠠᠯ ᠰᠤᠷᠪᠤᠯᠵᠢᠯᠠᠭ᠎ᠠ ᠬᠢᠬᠦ᠃    ︵ᠵᠢᠷᠭᠤᠭ᠎ᠠ︶ ᠵᠠᠬᠢᠳᠠᠯ ᠰᠤᠷᠪᠤᠯᠵᠢᠯᠠᠭ᠎ᠠ ᠪᠠᠷ ᠰᠢᠯᠳᠠᠭ ᠪᠤᠯᠭᠠᠨ ᠣᠯᠠᠨ ᠤᠳᠠᠭ᠎ᠠ ᠵᠢᠭᠤᠷᠠᠯᠳᠤᠨ ᠰᠤᠷᠪᠤᠯᠵᠢᠯᠠᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠠᠴᠠ ᠳᠠᠪᠠᠭᠰᠠᠨ ᠶᠡᠭᠡ ᠬᠡᠮᠵᠢᠶᠡᠨ ᠤ ᠨᠥᠬᠦᠪᠥᠷᠢ ᠲᠥᠯᠥᠪᠦᠷᠢ ᠠᠪᠬᠤ  ᠵᠦᠢ ᠵᠤᠬᠢᠰ ᠦᠬᠡᠢ ᠲᠤᠷᠠᠳᠤᠯᠭ᠎ᠠ ᠶᠢ ᠭᠠᠷᠭᠠᠬᠤ  ᠃     ᠲᠠᠪᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠳᠤᠮᠳᠠ ᠠᠩᠬ᠎ᠠ ᠤᠳᠠᠭ᠎ᠠ ᠬᠠᠤᠯᠢ ᠠᠴᠠ ᠵᠥᠷᠢᠴᠡᠭᠰᠡᠨ ᠪᠥᠭᠡᠳ ᠦᠢᠯᠡ ᠪᠠᠶᠢᠳᠠᠯ ᠨᠢ ᠬᠥᠩᠭᠡᠪᠲᠦᠷ ᠦᠶᠡᠰ᠂ ᠰᠤᠷᠭᠠᠨ ᠬᠥᠮᠦᠵᠢᠭᠦᠯᠬᠦ ᠪᠠᠷ ᠳᠠᠮᠵᠢᠭᠠᠳ ᠬᠡᠮᠰᠢᠨ ᠤᠬᠠᠭᠠᠷᠠᠵᠤ  ᠬᠠᠤᠯᠢ ᠪᠤᠰᠤ  ᠵᠠᠬᠢᠳᠠᠯ ᠰᠤᠷᠪᠤᠯᠵᠢᠯᠠᠭ᠎ᠠ ᠬᠢᠬᠦ ᠪᠠᠨ ᠵᠤᠭᠰᠤᠭᠰᠠᠨ ᠪᠤᠯ ᠬᠠᠤᠯᠢ ᠲᠦᠷᠢᠮ ᠤᠨ ᠲᠠᠭᠠᠤ ᠬᠥᠩᠭᠡᠨ ᠢᠶᠠᠷ ᠰᠢᠳᠬᠡᠬᠦ ᠪᠤᠶᠤ ᠰᠢᠳᠬᠡᠯ ᠠᠴᠠ ᠬᠡᠯᠲᠦᠷᠢᠭᠦᠯᠵᠦ ᠪᠣᠯᠤᠨ᠎ᠠ᠃    ᠵᠢᠷᠭᠤᠭ᠎ᠠ᠂ ᠬᠠᠤᠯᠢ ᠶᠢᠨ ᠠᠵᠢᠯ ᠦᠢᠯᠡᠰ ᠡᠷᠬᠢᠯᠡᠭᠰᠡᠳ ᠲᠤᠬᠠᠶᠢᠯᠠᠭᠰᠠᠨ ᠠᠵᠢᠯ ᠤᠨ ᠶᠣᠰᠣ ᠮᠣᠷᠠᠯ ᠪᠣᠯᠤᠨ ᠦᠢᠯᠡ ᠠᠵᠢᠯᠯᠠᠭᠠᠨ ᠤ ᠶᠤᠰᠤ ᠲᠦᠷᠢᠮ ᠢ ᠵᠢᠷᠤᠮᠯᠠᠬᠤ ᠭᠡᠷᠡᠭᠳᠡᠢ᠂ ᠭᠡᠷᠪᠡ ᠨᠠᠶᠢᠳᠠᠭᠴᠢ ᠶᠢ ᠥᠳᠥᠭᠡᠬᠦ ᠪᠤᠶᠤ ᠵᠢᠭᠠᠨ ᠳᠣᠬᠢᠵᠤ ᠪᠠᠶᠢᠭᠠᠳ ᠣᠯᠠᠨ ᠨᠡᠶᠢᠲᠡ ᠶᠢᠨ ᠡᠮᠬᠢ ᠳᠢᠭᠯᠢᠮ ᠢ ᠰᠠᠮᠠᠭᠤᠷᠠᠭᠤᠯᠬᠤ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠬᠤ ᠵᠡᠷᠭᠡ ᠬᠠᠤᠯᠢ ᠪᠤᠰᠤ ᠠᠷᠭ᠎ᠠ ᠪᠠᠷᠢᠯ ᠢᠶᠠᠷ ᠵᠦᠷᠢᠴᠡᠯ ᠵᠢᠭᠤᠷᠠᠭᠠᠨ ᠢ ᠰᠢᠢᠳᠪᠦᠷᠢᠯᠡᠪᠡᠯ  ᠬᠠᠮᠢᠶ᠎ᠠ ᠪᠦᠬᠦᠢ ᠬᠠᠤᠯᠢ ᠲᠦᠷᠢᠮ ᠤᠨ ᠲᠠᠭᠠᠤ  ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠨ᠎ᠡ᠃   ᠳᠣᠯᠤᠭ᠎ᠠ᠂ ᠬᠠᠤᠯᠢ ᠠᠴᠠ ᠵᠥᠷᠢᠴᠡᠭᠰᠡᠨ ᠵᠠᠬᠢᠳᠠᠯ ᠰᠤᠷᠪᠤᠯᠵᠢᠯᠠᠭ᠎ᠠ ᠬᠢᠵᠦ᠂ ᠨᠡᠶᠢᠭᠡᠮ ᠤᠨ ᠡᠮᠬᠢ ᠵᠢᠷᠤᠮ ᠪᠤᠶᠤ ᠵᠠᠬᠢᠳᠠᠯ ᠰᠤᠷᠪᠤᠯᠵᠢᠯᠠᠭ᠎ᠠ   ᠶᠢᠨ ᠡᠮᠬᠢ ᠵᠢᠷᠤᠮ ᠢ ᠰᠠᠮᠠᠭᠤᠷᠠᠭᠤᠯᠵᠤ ᠶᠠᠯᠠᠲᠤ ᠠᠵᠢᠯᠯᠠᠭ᠎ᠠ ᠬᠢᠭᠰᠡᠨ ᠪᠤᠯ ᠶᠠᠯᠠᠳᠤ ᠠᠵᠢᠯᠯᠠᠭᠠᠨ ᠤ ᠬᠢᠨᠢ ᠮᠡᠳᠡᠭᠡ ᠵᠠᠩᠭᠢ ᠶᠢ ᠬᠠᠤᠯᠢ ᠶᠣᠰᠣᠭᠠᠷ ᠲᠠᠩᠰᠠᠯᠠᠨ ᠬᠠᠳᠠᠭᠠᠯᠠᠵᠤ᠂ ᠬᠤᠪᠢ ᠬᠥᠮᠦᠨ ᠤ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ᠂ ᠦᠷ᠎ᠡ ᠬᠡᠤᠬᠡᠳ ᠤᠶᠢᠷ᠎ᠠ ᠲᠥᠷᠥᠯ ᠤᠨ ᠬᠢᠨᠢ ᠰᠤᠷᠭᠠᠭᠤᠯᠢ ᠲᠡᠪᠰᠢᠬᠦ᠂  ᠠᠵᠢᠯ ᠳᠤ ᠤᠷᠤᠬᠤ᠂ ᠨᠠᠮ ᠳᠤ ᠣᠷᠣᠬᠤ᠂ ᠴᠡᠷᠢᠭ ᠲᠤ ᠣᠷᠣᠬᠤ ᠲᠠᠢ ᠬᠤᠯᠪᠤᠭᠳᠠᠭᠤᠯᠵᠤ᠂ ᠬᠠᠤᠯᠢ ᠲᠦᠷᠢᠮ ᠶᠣᠰᠣᠭᠠᠷ ᠬᠢᠨᠠᠨ ᠪᠠᠶᠢᠴᠠᠭᠠᠨ᠎ᠠ᠃    ᠨᠠᠢᠮᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ                       ᠲᠠᠶᠢᠹᠤᠰᠧ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ                       ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠲᠤᠪᠴᠢᠶ᠎ᠠ                       ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ                         ᠲᠠᠶᠢᠹᠤᠰᠧ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ                       ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ                       ᠲᠠᠶᠢᠹᠤᠰᠧ ᠬᠤᠰᠢᠭᠤᠨ ᠤ ᠵᠠᠬᠢᠳᠠᠯ  ᠰᠤᠷᠪᠤᠯᠵᠢᠯᠠᠭ᠎ᠠ ᠶᠢᠨ ᠲᠤᠪᠴᠢᠶ᠎ᠠ                             2024 ᠣᠨ ᠤ 7 ᠰᠠᠷ᠎ᠠ ᠶᠢᠨ 15 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号