ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/24
  7 ᠰᠠᠷ᠎ᠠ ᠶᠢᠨ 23 ᠤ ᠡᠳᠦᠷ᠂ ᠠᠶᠢᠮᠠᠭ ᠤᠨ ᠳᠡᠳ᠋ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 102 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ᠂ ᠬᠤᠰᠢᠭᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠠᠵᠢᠯ᠂ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 11 ᠳ᠋ᠦ᠋ᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠲᠡᠭᠡᠷ᠎ᠡ ︽ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠥᠭᠦᠯᠡᠯᠲᠡ ᠶᠢᠨ ᠲᠡᠭᠦᠪᠦᠷᠢ︾ ᠶᠢ ᠤᠯᠠᠮᠵᠢᠯᠠᠨ ᠰᠤᠷᠤᠯᠴᠠᠵᠤ᠂ 2023 ᠣᠨ ᠤ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠪᠠᠶᠢᠳᠠᠯ ᠵᠢᠴᠢ 2024 ᠣᠨ ᠤ ᠭᠤᠤᠯᠳᠠᠯᠭ᠎ᠠ ᠲᠠᠢ ᠠᠵᠢᠯ᠂ ︽ᠲᠠᠶᠢᠹᠤᠰᠧ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ  ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾ ᠪᠣᠯᠤᠨ ︽ᠠᠯᠪᠠᠨ ᠭᠡᠷ ᠤᠨ ᠠᠵᠢᠯ ᠤᠨ ᠨᠠᠷᠢᠨ ᠲᠦᠷᠢᠮ︾ ᠢ ᠲᠤᠭᠤᠷᠪᠢᠭᠰᠠᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ᠂  ︽ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠦᠪᠯᠡᠯ ᠤᠨ 2024 ᠤᠨ ᠤ ᠠᠵᠢᠯ ᠤᠨ ᠭᠤᠤᠳᠠᠯᠭ᠎ᠠ︾  ᠶᠢ ᠲᠤᠭᠤᠷᠪᠢᠭᠰᠠᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢ ᠰᠤᠨᠤᠰᠤᠭᠰᠠᠨ ᠪᠠᠶᠢᠨ᠎ᠠ᠃ ᠬᠤᠷᠠᠯ ᠠᠴᠠ ᠪᠠᠰᠠ ᠪᠤᠰᠤᠳ ᠵᠦᠢᠯᠡᠰ ᠢ ᠶᠠᠷᠢᠯᠴᠠᠨ ᠵᠦᠪᠯᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号