7 ᠰᠠᠷ᠎ᠠ ᠶᠢᠨ 23 ᠤ ᠡᠳᠦᠷ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠲᠠᠶᠢᠹᠤᠰᠧ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ | ᠭᠠᠵᠠᠷ ᠤᠨ ᠠᠯᠪᠠᠨ ᠭᠡᠷ ᠨᠢ 2024 ᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠨᠠᠷᠢᠨ ᠪᠢᠴᠢᠭ ᠤᠨ ᠳᠠᠷᠤᠭ᠎ᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠳᠡᠳ᠋ ᠳᠠᠷᠤᠭ᠎ᠠ ᠯᠢ ᠶᠢᠨ ᠵᠥᠩ ᠠᠴᠠ | ᠣᠳᠣᠬᠠᠨ ᠤ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠵᠢᠴᠢ ᠬᠤᠶᠢᠰᠢᠳᠠ ᠶᠢᠨ ᠬᠠᠨᠳᠤᠰᠢ ᠶᠢᠨ ᠲᠣᠭᠤᠷᠢᠨ ᠳᠤ᠂ | ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠳᠠᠯ ᠢ | ᠲᠠᠨᠢᠯᠴᠠᠭᠤᠯᠬᠤ ᠶᠢᠨ ᠬᠠᠮᠲᠤ ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃ ᠳᠠᠷᠠᠭ᠎ᠠ ᠨᠢ ᠬᠠᠮᠢᠶ᠎ᠠ ᠪᠥᠬᠦᠶ ᠠᠵᠢᠯᠳᠠᠨ | ᠠᠴᠠ ᠴᠢᠬᠤᠯᠠ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠶᠠᠮᠠᠷᠬᠠᠨ ᠠᠭᠤᠯᠭ᠎ᠠ ᠪᠠᠶᠢᠭ᠎ᠠ ᠶᠢ ᠬᠠᠮᠲᠤ ᠳᠠᠭᠠᠨ ᠬᠠᠷᠠᠵᠠᠭᠠᠶ᠎ᠠ︕ | 1. ᠤᠲᠤᠬᠠᠨ ᠤ ᠪᠤᠷᠤᠭᠠᠨ ᠤ ᠪᠠᠶᠢᠲᠠᠯ᠂ ᠤᠰᠤᠨ ᠤ ᠪᠠᠶᠢᠲᠠᠯ ᠪᠤᠯᠤᠨ ᠬᠤᠶᠢᠰᠢᠳᠠ ᠶᠢᠨ ᠬᠠᠨᠳᠤᠰᠢ | 2024 ᠣᠨ ᠤ 7 ᠰᠠᠷ᠎ᠠ ᠶᠢᠨ 18 ᠤ ᠡᠳᠦᠷ ᠪᠣᠯᠲᠠᠯ᠎ᠠ᠂ ᠲᠠᠶᠢᠹᠤᠰᠧ ᠬᠤᠰᠢᠭᠤᠨ ᠤ ᠬᠤᠷ᠎ᠠ ᠲᠤᠨᠳᠠᠰᠤᠨ ᠤ | ᠬᠡᠮᠵᠢᠶ᠎ᠡ 310.3 ᠮᠢᠯᠢᠮᠧᠲᠷ ᠲᠤ ᠬᠦᠷᠴᠦ᠂ ᠦᠩᠭᠡᠷᠡᠭᠰᠡᠨ ᠵᠢᠯ ᠤᠳ ︵ᠲᠡᠭᠰᠢᠳᠭᠡᠭᠰᠡᠨ︶ ᠤᠨ ᠠᠳᠠᠯᠢ | ᠬᠤᠭᠤᠴᠠᠭᠠᠨ ᠤ ᠬᠢ ᠠᠴᠠ 62 % ᠢᠯᠡᠬᠦᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 68 % | ᠢᠯᠡᠬᠦᠦ ᠪᠠᠶᠢᠨ᠎ᠠ᠃ ᠵᠢᠱᠢᠯᠲᠡ ᠪᠠᠷ᠂ ᠡᠨᠡ ᠵᠢᠯ ᠤᠨ ᠠᠭᠤᠷ ᠠᠮᠢᠰᠬᠤᠯ ᠣᠨᠴᠠᠭᠠᠢ ᠪᠤᠳᠤᠯᠢᠶᠠᠨᠲᠠᠶ ᠪᠠᠶᠢᠵᠤ᠂ 4 | ᠰᠠᠷ᠎ᠠ ᠶᠢᠨ ᠰᠡᠬᠦᠯᠴᠢ ᠪᠠᠷ ᠤᠷᠤᠭᠰᠠᠨ ᠶᠡᠭᠡ ᠪᠤᠷᠤᠭᠠᠨ ᠴᠠᠰᠤ ᠂ 7 ᠰᠠᠷ᠎ᠠ ᠶᠢᠨ 12 ᠤᠨ ᠡᠳᠦᠷ ᠤᠨ ᠰᠢᠷᠦᠭᠦᠨ | ᠪᠣᠷᠣᠭᠠᠨ ᠨᠢ ᠪᠦᠷ ᠲᠣᠰ ᠭᠠᠵᠠᠷ ᠤᠨ ᠲᠡᠦᠭᠡ ᠶᠢᠨ ᠲᠦᠢᠯ ᠤᠨ ᠬᠡᠮᠵᠢᠭᠳᠡᠯ ᠢ ᠲᠠᠪᠠᠭᠠᠳ᠂ ᠲᠠᠶᠢᠹᠤᠰᠧ | ᠬᠤᠰᠢᠭᠤᠨ ᠤ ᠦᠶᠡᠷ ᠤᠨ ᠬᠤᠭᠤᠴᠠᠭᠠᠨ ︵6-9 ᠰᠠᠷ᠎ᠠ︶ ᠤ ᠬᠤᠷ᠎ᠠ ᠲᠤᠨᠳᠠᠰᠤᠨ ᠤ ᠬᠡᠮᠵᠢᠶ᠎ᠡ ᠦᠩᠭᠡᠷᠡᠭᠰᠡᠨ | ᠵᠢᠯ ᠤᠳ ︵ᠲᠡᠭᠰᠢᠳᠭᠡᠭᠰᠡᠨ︶ ᠤᠨ ᠬᠢ ᠠᠴᠠ 2 - 3 ᠬᠤᠪᠢ ᠢᠯᠡᠭᠦᠤ ᠪᠠᠶᠢᠵᠤ᠂ ᠭᠤᠤᠯ ᠦᠶᠡᠷ ᠤᠨ | ᠬᠤᠭᠤᠴᠠᠭ᠎ᠠ ᠪᠤᠯᠬᠤ 7 ᠰᠠᠷ᠎ᠠ ᠶᠢᠨ ᠡᠬᠢ ᠠᠴᠠ 8 ᠰᠠᠷ᠎ᠠ ᠶᠢᠨ ᠰᠡᠭᠦᠯᠴᠢ ᠪᠤᠯᠳᠠᠯ᠎ᠠ ᠠᠮᠠᠷᠬᠠᠨ ᠰᠢᠷᠦᠭᠦᠨ ᠪᠣᠷᠣᠭᠠᠨ | ᠣᠷᠣᠵᠤ᠂ ᠬᠡᠰᠡᠭ ᠭᠠᠵᠠᠷ ᠲᠤ ᠦᠶᠡᠷ ᠤᠰᠤᠲᠤᠯ ᠤᠨ ᠭᠠᠮᠰᠢᠭ ᠡᠭᠦᠰᠬᠦ ᠲᠦᠭᠰᠢᠭᠦᠷᠢ ᠶᠡᠭᠡ ᠪᠠᠶᠢᠵᠤ᠂ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠭ᠎ᠠ | | 2. ᠦᠶᠡᠷ ᠢ ᠰᠠᠷᠭᠡᠶᠢᠯᠠᠨ ᠭᠠᠩ ᠬᠠᠭᠰᠠᠷᠭᠠᠨ ᠲᠠᠢ ᠲᠠᠮᠠᠴᠠᠭᠦ ᠠᠵᠢᠯ ᠢ ᠦᠨᠡᠨᠬᠦ ᠴᠢᠩᠭᠠᠳᠬᠠᠬᠤ ᠶᠢᠨ | ᠳᠦᠯᠣᠭᠡ ᠠᠯᠢ ᠣᠯᠠᠨ ᠡᠷᠴᠢ ᠬᠦᠴᠦᠳᠡᠢ ᠠᠷᠭ᠎ᠠ ᠬᠡᠮᠵᠢᠶ᠎ᠡ ᠶᠢ ᠠᠪᠤᠭᠰᠠᠨ ᠪᠠᠶᠢᠨ᠎ᠠ᠃ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠤᠭᠰᠠᠨ᠃ ᠲᠠᠶᠢᠹᠤᠰᠧ ᠬᠤᠰᠢᠭᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠲᠤ | ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠲᠠᠯ᠎ᠠ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠵᠤ᠂ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃ ᠡᠭᠦᠨ ᠠᠴᠠ ᠭᠠᠳᠠᠨ᠎ᠠ᠂ | ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠠᠰᠠᠭ ᠵᠠᠬᠢᠷᠭᠠᠨ ᠤ | ᠬᠠᠷᠢᠭᠤᠴᠠᠯᠭᠠᠲᠠᠨ ᠳᠤ ᠲᠣᠬᠢᠷᠠᠭᠤᠯᠤᠯᠲᠠ ᠬᠢᠭᠰᠡᠨ ᠪᠥᠭᠡᠳ ︽ᠲᠠᠶᠢᠹᠤᠰᠧ ᠬᠤᠰᠢᠭᠤᠨ ᠤ ᠤᠬᠠᠭᠤᠯᠭ᠎ᠠ︾ | ᠸᠢᠴᠠᠲ ᠲᠠᠪᠴᠠᠩ ᠳᠡᠭᠡᠷ᠎ᠡ ᠨᠡᠶᠢᠳᠡᠯᠡᠨ᠂ ᠠᠵᠢᠯ ᠤᠨ ᠢᠯᠡ ᠲᠣᠳᠣ ᠴᠢᠨᠠᠷ ᠢ ᠨᠡᠮᠡᠭᠳᠡᠭᠦᠯᠵᠦ᠂ ᠨᠡᠶᠢᠭᠡᠮ ᠤᠨ | ᠬᠢᠨᠠᠯᠲᠠ ᠶᠢ ᠬᠦᠯᠢᠶᠡᠬᠦ ᠳᠤ ᠳᠥᠭᠦᠮ ᠦᠵᠡᠬᠦᠯᠵᠡᠢ᠃ 7 ᠰᠠᠷ᠎ᠠ ᠶᠢᠨ 4 ᠤ ᠡᠳᠦᠷ ᠬᠤᠰᠢᠭᠤᠨ ᠤ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠬᠡᠷ ᠨᠢ ︽ᠠᠭᠤᠯᠠᠨ | ᠦᠶᠡᠷ ᠤᠨ ᠲᠦᠭᠰᠢᠬᠦᠷᠢ ᠠᠴᠠ ᠰᠡᠷᠭᠡᠶᠢᠯᠡᠬᠦ︾ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ | ᠬᠤᠷᠠᠯᠳᠤᠭᠤᠯᠵᠤ᠂ ᠡᠯ᠎ᠡ ᠰᠤᠮᠤ ᠰᠢᠶᠠᠩ ᠪᠠᠯᠭᠠᠰᠤ ᠪᠠ ᠬᠤᠯᠪᠣᠭᠳᠠᠯ ᠪᠥᠬᠦᠶ ᠰᠠᠯᠠᠭ᠎ᠠ ᠮᠦᠴᠢᠷ ᠤᠨ ᠬᠢᠨ ᠢ | ᠤᠯᠠᠭᠠᠨᠴᠠᠪ ᠬᠤᠲᠠ ᠶᠢᠨ ᠱᠠᠩᠳᠤ ᠰᠢᠶᠠᠨ ᠤ ︽6.28︾ ᠭᠡᠷᠡᠭ᠂ ᠬᠥᠬᠡᠬᠤᠲᠠ ᠶᠢᠨ ︽7.2︾ ᠭᠡᠷᠡᠭ ᠠᠴᠠ | ᠰᠤᠷᠭᠠᠮᠵᠢ ᠠᠪᠴᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠳᠤᠳᠬᠠᠨ᠂ ᠠᠶᠤᠯ ᠪᠤᠯᠵᠤ ᠮᠡᠳᠡᠬᠦ ᠠᠭᠤᠯᠠᠨ | ᠦᠶᠡᠷ ᠤᠨ ᠭᠤᠤ ᠰᠤᠪᠠᠭ ᠪᠠ ᠵᠠᠮ ᠢ ᠨᠠᠷᠢᠨ ᠪᠠᠶᠢᠴᠠᠭᠠᠬᠤ ᠶᠢᠨ ᠬᠠᠮᠲᠤ ᠰᠡᠷᠭᠡᠶᠢᠯᠡᠯᠳᠡ ᠶᠢᠨ ᠠᠷᠭ᠎ᠠ ᠬᠡᠮᠵᠢᠶ᠎ᠡ | ᠠᠪᠴᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠲᠤᠭᠤᠯᠬᠤ ᠬᠡᠷᠡᠭᠲᠡᠢ ᠬᠡᠵᠦ ᠱᠠᠭᠠᠷᠳᠠᠪᠠ᠃ 7 | ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ | ᠳᠠᠷᠤᠭ᠎ᠠ ᠶᠢᠨ ᠶᠦᠩ ᠾᠧ ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 | ᠣᠨ ᠤ 7 ᠳ᠋ᠤᠭᠠᠷ ᠤᠳᠠᠭᠠᠨ ᠤ ᠲᠤᠭᠳᠠᠮᠠᠯ ᠬᠤᠷᠠᠯ ᠵᠢᠴᠢ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠦᠶᠡᠷ ᠢ ᠰᠡᠷᠭᠡᠶᠢᠯᠡᠬᠦ ᠠᠵᠢᠯ | ᠳᠤ ᠤᠯᠠᠮ ᠬᠦᠨᠵᠡᠬᠡᠢ ᠵᠠᠳᠠᠯᠤᠯᠳᠠ ᠬᠢᠭᠰᠡᠨ ᠪᠦᠭᠡᠳ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠪᠠ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠲᠦᠷᠦᠯ ᠤᠨ ᠠᠵᠢᠯ ᠢ ᠪᠠᠶᠢᠷᠢᠯᠠᠭᠤᠯᠵᠠᠢ᠃ | ᠪᠡᠯᠡᠳᠬᠡᠯ ᠲᠦᠰᠦᠪ ᠲᠤ ᠵᠠᠰᠠᠪᠤᠷᠢ ᠣᠷᠣᠭᠤᠯᠬᠤ ᠶᠢ ᠴᠢᠩᠭᠠᠳᠬᠠᠨ᠂ ᠲᠤᠤᠱᠯᠠᠭᠤᠯᠵᠤ ᠨᠠᠶᠢᠳᠠᠪᠤᠷᠢᠵᠢᠭᠤᠯᠬᠤ ᠶᠢ | ᠴᠢᠬᠤᠯᠠᠴᠢᠯᠠᠭᠰᠠᠨ᠃ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ᠂ ᠲᠣᠮᠣ | ᠬᠠᠰᠢᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ ᠪᠠ ᠰᠡᠷᠭᠡᠶᠢᠯᠡᠯᠳᠡ ᠶᠢᠨ ᠪᠠᠷᠢᠯᠭ᠎ᠠ ᠶᠢᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ ᠲᠤ ᠵᠠᠰᠠᠪᠤᠷᠢ ᠤᠷᠤᠭᠤᠯᠤᠨ᠂ ᠤᠰᠤᠨ ᠴᠥᠭᠦᠷᠥᠮ ᠤᠨ ᠰᠡᠷᠭᠡᠶᠢᠯᠡᠯᠳᠡ | ᠶᠢᠨ ᠠᠵᠢᠯ ᠢ ᠦᠶᠡᠷ ᠢ ᠰᠡᠷᠭᠡᠶᠢᠯᠡᠬᠦ ᠬᠠᠷᠢᠭᠤᠴᠠᠯᠭᠠᠲᠠᠨ ᠳᠤ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠠᠨ ᠢ | ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠳᠡᠯᠡᠵᠡᠢ᠃ ᠤᠳᠤ ᠪᠤᠯᠳᠠᠯ᠎ᠠ ᠡᠬᠦᠷᠭᠡ ᠬᠠᠷᠢᠭᠤᠴᠠᠯᠭ᠎ᠠ ᠪᠠᠨ | ᠬᠦᠢᠴᠡᠳᠭᠡᠭᠰᠡᠨ ᠪᠠᠶᠢᠳᠠᠯ ᠮᠠᠰᠢ ᠰᠠᠶᠢᠨ ᠪᠠᠶᠢᠨ᠎ᠠ᠃ | ᠠᠶᠤᠯ ᠠᠴᠠ ᠠᠪᠤᠷᠠᠨ ᠬᠠᠪᠰᠤᠷᠤᠨ ᠲᠤᠰᠠᠯᠠᠬᠤ ᠶᠢ ᠴᠢᠩᠭᠠᠳᠬᠠᠵᠤ᠂ ᠡᠳ᠋ ᠪᠣᠳᠠᠰ ᠤᠨ ᠨᠥᠭᠡᠴᠡ ᠶᠢ | ᠲᠡᠬᠦᠯᠳᠡᠷᠵᠢᠬᠦᠯᠦᠭᠰᠡᠨ᠃ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ | ᠲᠠᠶᠢᠹᠤᠰᠧ ᠬᠤᠰᠢᠭᠤᠨ ᠳᠤ 50 ᠮᠠᠶᠢᠬᠠᠨ ᠪᠠ 100 ᠡᠪᠬᠡᠬᠦᠷ ᠤᠷᠤ ᠶᠢ ᠤᠯᠭᠤᠨ ᠦᠭᠴᠦ᠂ ᠲᠠᠶᠢᠹᠤᠰᠧ | ᠬᠤᠰᠢᠭᠤᠨ ᠤ ᠡᠳ᠋ ᠪᠣᠳᠠᠰ ᠤᠨ ᠨᠥᠭᠡᠴᠡ ᠶᠢ ᠲᠡᠬᠦᠯᠳᠡᠷᠵᠢᠬᠦᠯᠪᠡ᠃ ᠡᠯ᠎ᠡ ᠰᠤᠮᠤ ᠰᠢᠶᠠᠩ ᠪᠠᠯᠭᠠᠰᠤ ᠪᠠ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠬᠢᠨ ᠪᠦᠷ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠠᠩᠭᠢ | ᠪᠠᠶᠢᠭᠤᠯᠤᠭᠰᠠᠨ ᠪᠥᠭᠡᠳ ᠦᠶᠡᠷ ᠢ ᠰᠡᠷᠭᠡᠶᠢᠯᠡᠬᠦ ᠳᠤ ᠬᠡᠷᠡᠭᠰᠡᠬᠦ ᠪᠠᠭᠠᠵᠢ ᠬᠡᠷᠡᠭᠰᠡᠯ ᠢ ᠨᠦᠬᠦᠪᠦᠷᠢᠯᠡᠨ ᠪᠦᠷᠢᠳᠦᠬᠦᠯᠵᠦ᠂ | ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠦᠬᠡᠴᠡᠯᠡᠯᠳᠡ ᠶᠢ ᠰᠠᠶᠢᠨ ᠬᠢᠵᠦ᠂ ᠵᠠᠩᠭᠢᠯᠠᠭ᠎ᠠ ᠶᠢᠨ ᠦᠶ᠎ᠡ ᠳᠤ | ᠲᠣᠬᠢᠷᠠᠭᠤᠯᠵᠤ ᠳᠡᠶᠢᠯᠬᠦ ᠬᠡᠷᠡᠭᠯᠡᠵᠦ ᠳᠡᠶᠢᠯᠬᠦ ᠶᠢ ᠪᠠᠳᠤᠯᠠᠵᠠᠢ᠃ | ᠤᠬᠠᠭᠤᠯᠭ᠎ᠠ ᠬᠥᠮᠦᠵᠢᠯ ᠢ ᠥᠷᠨᠢᠭᠦᠯᠵᠦ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠭᠰᠠᠨ᠃ ᠠᠯᠪᠠᠨ | ᠵᠠᠷᠯᠠᠯ᠂ ᠸᠢᠴᠠᠲ ᠲᠠᠪᠴᠠᠩ ᠵᠡᠷᠭᠡ ᠶᠢ ᠭᠦᠢᠴᠡᠳ ᠠᠰᠢᠭᠯᠠᠨ᠂ ᠦᠶᠡᠷ ᠢ ᠰᠡᠷᠭᠡᠶᠢᠯᠡᠬᠦ ᠠᠵᠢᠯ ᠤᠨ ᠤᠬᠠᠭᠤᠯᠭ᠎ᠠ | ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠵᠢᠯᠤᠭᠤᠳᠬᠤ ᠭᠠᠵᠠᠷ ᠤᠨ ᠡᠯ᠎ᠡ ᠭᠡᠰᠢᠬᠦᠨ ᠨᠢᠭᠡᠴᠡ ᠨᠢ ᠦᠶᠡᠷ ᠢ | ᠰᠡᠷᠭᠡᠶᠢᠯᠡᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠂ ᠦᠶᠡᠷ ᠠᠴᠠ ᠰᠡᠷᠭᠡᠶᠢᠯᠡᠬᠦ ᠮᠡᠳᠡᠯᠭᠡ ᠶᠢ ᠣᠯᠠᠨ | ᠨᠡᠶᠢᠲᠡ ᠳᠤ ᠲᠦᠭᠡᠮᠡᠯᠵᠢᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠤᠨ᠂ ᠣᠯᠠᠨ ᠲᠦᠮᠡᠨ ᠤ ᠦᠶᠡᠷ ᠠᠴᠠ | ᠰᠡᠷᠭᠡᠶᠢᠯᠡᠬᠦ ᠤᠬᠠᠮᠰᠠᠷ ᠢ ᠴᠢᠩᠭᠠᠳᠬᠠᠵᠤ᠂ ᠦᠶᠡᠷ ᠤᠰᠤᠳᠠᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠬᠢᠷᠢ | ᠲᠦᠪᠰᠢᠨ ᠵᠢᠴᠢ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ ᠪᠥᠬᠦ | ᠬᠤᠰᠢᠭᠤᠨ ᠤ ᠦᠶᠡᠷ ᠶᠠᠪᠤᠬᠤ ᠲᠦᠭᠰᠢᠬᠦᠷᠢ ᠲᠠᠢ ᠭᠠᠵᠠᠷ ᠲᠤ ᠪᠦᠷ ᠰᠡᠷᠡᠮᠵᠢ ᠶᠢᠨ ᠲᠡᠮᠳᠡᠭ ᠢᠯᠡᠷᠭᠡᠶᠢᠯᠡᠯ ᠭᠠᠷᠭᠠᠵᠤ | ᠣᠯᠠᠨ ᠲᠦᠮᠡᠨ ᠳᠤ ᠠᠶᠤᠯᠲᠠᠶ ᠣᠷᠣᠨ ᠠᠴᠠ ᠵᠠᠶᠢᠯᠠᠬᠤ ᠶᠢ ᠰᠠᠨᠠᠭᠤᠯᠤᠨ᠂ ᠣᠯᠠᠨ ᠲᠦᠮᠡᠨ ᠤ ᠠᠮᠢ ᠨᠠᠰᠤᠨ ᠤ | ᠠᠮᠤᠷ ᠲᠦᠪᠰᠢᠨ ᠢ ᠪᠠᠳᠤᠯᠠᠵᠤ ᠪᠤᠢ᠃ | ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠮᠡᠳᠡᠭᠡ ᠵᠠᠩᠭᠢ ᠬᠦᠷᠭᠡᠬᠦ ᠶᠢ ᠲᠦᠷᠢᠮᠵᠢᠬᠦᠯᠦᠭᠰᠡᠨ᠃ ᠡᠯ᠎ᠡ ᠰᠤᠮᠤ | ᠰᠢᠶᠠᠩ ᠪᠠᠯᠭᠠᠰᠤ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠨᠢ ᠦᠶᠡᠷ ᠤᠨ ᠬᠤᠭᠤᠴᠠᠭᠠᠨ ᠳᠤ 24 ᠴᠠᠭ ᠢᠶᠠᠷ | ᠵᠢᠵᠢᠭᠦᠷᠯᠡᠨ ᠰᠠᠬᠢᠬᠤ ᠪᠠ ᠤᠳᠤᠷᠢᠳᠤᠯᠭ᠎ᠠ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠴᠢᠮᠡᠭᠡ ᠬᠤᠯᠪᠤᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠲᠦᠭᠰᠢᠭᠦᠷᠢᠲᠦ ᠪᠠᠶᠢᠳᠠᠯ ᠢ ᠴᠠᠭ ᠲᠤᠬᠠᠢ ᠳᠤᠨᠢ | ᠰᠢᠢᠳᠪᠦᠷᠢᠯᠡᠬᠦ ᠶᠢᠨ ᠬᠠᠮᠳᠤ ᠮᠡᠳᠡᠭᠡ ᠵᠠᠩᠭᠢ ᠬᠦᠷᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠡᠨᠡᠳᠲᠡ ᠶᠢᠨ | ᠪᠠᠶᠢᠳᠠᠯ ᠭᠠᠷᠬᠤ ᠦᠶ᠎ᠡ ᠳᠤ ᠮᠡᠳᠡᠭᠡ ᠵᠠᠩᠭᠢ ᠶᠢ ᠲᠡᠷᠡ ᠳᠠᠷᠤᠶ ᠳᠤᠨᠢ ᠣᠨᠣᠪᠴᠢᠲᠠᠶ ᠬᠦᠷᠭᠡᠬᠦ ᠶᠢ ᠪᠠᠳᠤᠯᠠᠵᠤ ᠪᠤᠢ᠃ | 3 . ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ᠄ | ᠲᠠᠶᠢᠹᠤᠰᠧ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ | ᠵᠣᠬᠢᠶᠠᠨ ᠪᠠᠶᠢᠭᠤᠯᠵᠤ ᠤᠳᠤᠷᠢᠳᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠲᠠᠯ᠎ᠠ ᠶᠢᠨ ᠠᠵᠢᠯ ᠢ | ᠦᠷᠭᠦᠯᠵᠢᠯᠡᠨ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ | ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠶᠢ ᠪᠠᠳᠤᠯᠠᠬᠤ ᠪᠠᠷ ᠴᠢᠷᠮᠠᠶᠢᠨ᠎ᠠ᠃ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠳᠠᠯ᠄ | ᠰᠤᠷᠪᠤᠯᠵᠢᠯᠠᠭᠴᠢ᠄ ᠣᠳᠣᠬᠠᠨ ᠳᠤ ᠨᠢᠭᠡᠨᠲᠡ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ | ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠤᠷᠤᠵᠠᠢ᠂ ᠲᠠᠷᠠᠭᠠᠴᠢ ᠶᠢᠨ ᠠᠯᠬᠤᠮ ᠤᠨ ᠦᠶᠡᠷ | ᠰᠡᠷᠭᠡᠶᠢᠯᠡᠬᠦ ᠠᠵᠢᠯ ᠢ ᠶᠠᠭᠠᠬᠢᠵᠤ ᠰᠠᠶᠢᠨ ᠬᠢᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠲᠤᠭᠤᠯᠬᠤ | ᠪᠣᠶ︖ | ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠨᠠᠷᠢᠨ | ᠪᠢᠴᠢᠭ ᠤᠨ ᠳᠠᠷᠤᠭ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠳᠡᠳ᠋ | ᠳᠠᠷᠤᠭ᠎ᠠ ᠯᠢ ᠶᠢᠨ ᠵᠥᠩ᠄ ᠨᠢᠬᠡ ᠳᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠣᠯᠠᠨ ᠲᠦᠮᠡᠨ ᠤ | ᠮᠡᠳᠡᠯᠭᠡ ᠪᠠ ᠴᠢᠳᠠᠪᠤᠷᠢ ᠶᠢ ᠨᠡᠮᠡᠭᠳᠡᠬᠦᠯᠦᠨ᠂ ᠠᠶᠤᠯ ᠠᠴᠠ ᠵᠠᠶᠢᠯᠠᠬᠤ ᠦᠵᠡᠯ ᠤᠬᠠᠮᠰᠠᠷ ᠢ ᠴᠢᠩᠭᠠᠳᠬᠠᠨ᠎ᠠ᠃ | ᠬᠤᠶᠠᠷ ᠲᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠡᠯ᠎ᠡ ᠰᠠᠯᠠᠭ᠎ᠠ ᠮᠦᠴᠢᠷ ᠤᠨ ᠬᠠᠮᠵᠢᠯᠴᠠᠨ | ᠬᠤᠯᠪᠤᠭᠠᠯᠠᠬᠤ ᠶᠢ ᠠᠬᠢᠭᠤᠯᠤᠨ᠎ᠠ᠃ ᠭᠤᠷᠪᠠ ᠳᠤ᠂ ᠠᠵᠢᠯ ᠡᠬᠦᠷᠭᠡ ᠶᠢ ᠴᠠᠭ ᠲᠤᠬᠠᠢ ᠳᠤ ᠨᠢ ᠵᠥᠪᠳᠡᠯᠴᠡᠨ | ᠪᠠᠶᠢᠷᠢᠯᠠᠭᠤᠯᠵᠤ᠂ ᠪᠠᠴᠢᠮ ᠪᠠᠶᠢᠳᠠᠯ ᠢ ᠠᠷᠭᠠᠴᠠᠬᠤ᠂ ᠤᠰᠤᠨ ᠠᠰᠢᠭᠯᠠᠯᠲᠠ᠂ ᠴᠠᠭ ᠠᠭᠤᠷ ᠵᠡᠷᠭᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠣᠳᠣᠬᠠᠨ ᠤ ᠦᠶᠡᠷ ᠠᠴᠠ ᠰᠡᠷᠭᠡᠶᠢᠯᠡᠬᠦ ᠠᠵᠢᠯ ᠤᠨ | ᠪᠠᠶᠢᠳᠠᠯ ᠢ ᠵᠠᠳᠠᠯᠵᠤ᠂ ᠦᠶᠡᠷ ᠠᠴᠠ ᠰᠡᠷᠭᠡᠶᠢᠯᠡᠬᠦ ᠠᠵᠢᠯ ᠢ ᠰᠤᠳᠤᠯᠤᠨ ᠪᠠᠶᠢᠷᠢᠯᠠᠭᠤᠯᠤᠨ᠎ᠠ᠃ ᠲᠦᠷᠪᠡ ᠳᠤ | ᠪᠠᠶᠢᠴᠠᠭᠠᠵᠤ ᠵᠢᠯᠤᠭᠤᠳᠬᠤ ᠶᠢ ᠴᠢᠩᠭᠠᠳᠬᠠᠨ᠂ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠬᠡᠷ ᠨᠢ ᠪᠠᠴᠢᠮ ᠪᠠᠶᠢᠳᠠᠯ ᠢ ᠠᠷᠭᠠᠴᠠᠬᠤ᠂ ᠤᠰᠤᠨ ᠠᠰᠢᠭᠯᠠᠯᠲᠠ᠂ | ᠴᠠᠭ ᠠᠭᠤᠷ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢᠶᠠᠷ ᠪᠦᠷᠢᠯᠳᠦᠭᠰᠡᠨ ᠪᠠᠶᠢᠴᠠᠭᠠᠨ ᠵᠢᠯᠣᠭᠤᠳᠬᠤ | ᠳᠤᠭᠤᠶᠢᠯᠠᠩ ᠢ ᠪᠠᠶᠢᠭᠤᠯᠵᠤ᠂ ᠪᠥᠬᠦ ᠬᠤᠰᠢᠭᠤᠨ ᠤ ᠦᠶᠡᠷ ᠠᠴᠠ ᠰᠡᠷᠭᠡᠶᠢᠯᠡᠬᠦ ᠠᠵᠢᠯ ᠢ ᠬᠢᠨᠠᠨ ᠪᠠᠶᠢᠴᠠᠭᠠᠵᠤ | ᠵᠢᠭᠠᠨ ᠵᠢᠯᠤᠭᠤᠳᠤᠨ᠎ᠠ᠃ ᠲᠠᠪᠤ ᠳᠤ᠂ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠵᠢᠯᠣᠭᠤᠳᠬᠤ ᠭᠠᠵᠠᠷ ᠤᠨ ᠠᠯᠪᠠᠨ ᠬᠡᠷ ᠨᠢ ᠴᠠᠭ ᠠᠭᠤᠷ ᠤᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ | ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠲᠦᠰᠦᠪ ᠢ ᠴᠠᠭ ᠲᠤᠬᠠᠶ ᠳᠤᠨᠢ ᠡᠬᠢᠯᠡᠭᠦᠯᠵᠦ᠂ ᠬᠠᠮᠢᠶ᠎ᠠ | ᠪᠦᠬᠦᠢ ᠰᠠᠯᠠᠭ᠎ᠠ ᠮᠦᠴᠢᠷ ᠢ ᠴᠠᠭ ᠲᠤᠬᠠᠢ ᠳᠤᠨᠢ ᠵᠤᠬᠢᠶᠠᠨ ᠪᠠᠶᠢᠭᠤᠯᠵᠤ᠂ ᠠᠪᠤᠷᠠᠨ ᠲᠤᠰᠠᠯᠠᠬᠤ ᠠᠵᠢᠯ ᠢ | ᠱᠠᠯᠠᠪᠳᠠᠨ ᠦᠷᠨᠢᠬᠦᠯᠦᠨ᠎ᠡ᠃ ᠵᠢᠷᠭᠤᠭ᠎ᠠ ᠳᠤ᠂ ᠪᠠᠴᠢᠮ ᠪᠠᠶᠢᠳᠠᠯ ᠢ ᠠᠷᠭᠠᠴᠠᠬᠤ ᠵᠢᠵᠢᠬᠦᠷ ᠤᠨ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠨ ᠰᠠᠬᠢᠬᠤ ᠪᠠ | ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠡᠷᠡᠰ ᠴᠢᠩᠭ᠎ᠠ ᠨᠠᠶᠢᠳᠠᠪᠤᠷᠢᠵᠢᠭᠤᠯᠤᠨ᠎ᠠ᠃ | ᠰᠤᠷᠪᠤᠯᠵᠢᠯᠠᠭᠴᠢ᠄ ᠦᠶᠡᠷ ᠤᠨ ᠬᠤᠭᠤᠴᠠᠭᠠᠨ ᠳᠤ ᠤᠷᠤᠭᠰᠠᠨ ᠤ ᠲᠠᠷᠠᠭ᠎ᠠ᠂ ᠠᠷᠠᠳ ᠢᠷᠭᠡᠳ ᠲᠤᠰ | ᠪᠡᠶ᠎ᠡ ᠶᠢᠨ ᠠᠮᠤᠷ ᠲᠦᠪᠰᠢᠨ ᠢᠶᠠᠨ ᠬᠠᠮᠠᠭᠠᠯᠠᠬᠤ ᠲᠠᠯ᠎ᠠ ᠪᠠᠷ ᠶᠠᠭᠤ ᠶᠢ ᠠᠩᠬᠠᠷᠪᠠᠯ ᠵᠤᠬᠢᠬᠤ ᠪᠤᠢ︖ | ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ | ᠬᠡᠷ ᠤᠨ ᠠᠵᠢᠯᠲᠠᠨ ᠰᠢᠶᠠ ᠱᠣᠣ ᠵᠢᠶᠧ᠄ ᠠᠷᠠᠳ ᠢᠷᠭᠡᠳ ᠲᠣᠰ ᠪᠡᠶ᠎ᠡ ᠶᠢᠨ ᠠᠮᠤᠷ ᠲᠦᠪᠰᠢᠨ ᠢᠶᠠᠨ ᠬᠠᠮᠠᠭᠠᠯᠠᠶ᠎ᠠ | ᠭᠡᠪᠡᠯ ᠬᠠᠮᠤᠭ ᠤᠨ ᠴᠢᠬᠤᠯᠠ ᠨᠢ ᠰᠡᠷᠭᠡᠶᠢᠯᠡᠯᠳᠡ ᠶᠢᠨ ᠤᠬᠠᠮᠰᠠᠷ ᠢᠶᠠᠨ ᠴᠢᠩᠭᠠᠳᠬᠠᠵᠤ᠂ ᠠᠶᠤᠯ ᠠᠴᠠ ᠵᠠᠶᠢᠯᠠᠬᠤ ᠪᠠ | ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠬᠦ ᠭᠡᠷᠡᠭᠳᠡᠢ᠃ ᠨᠢᠬᠡ ᠳᠤ ᠴᠠᠭ | ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠮᠡᠳᠡᠭᠡ ᠵᠠᠩᠭᠢ ᠶᠢ ᠠᠩᠬᠠᠷᠴᠤ᠂ ᠪᠣᠷᠣᠭᠠᠨ ᠲᠠᠢ ᠡᠳᠦᠷ ᠭᠠᠳᠠᠭᠰᠢ | ᠭᠠᠷᠬᠤ ᠪᠠᠨ ᠠᠯᠢ ᠴᠢᠳᠠᠬᠤ ᠪᠠᠷ ᠪᠠᠭᠠᠰᠬᠠᠨ᠎ᠠ᠃ ᠬᠤᠶᠠᠷ ᠲᠤ ᠬᠡᠷᠪᠡ ᠪᠣᠷᠣᠭᠠᠨ ᠲᠠᠢ ᠡᠳᠦᠷ ᠭᠠᠳᠠᠭᠰᠢ ᠭᠠᠷᠬᠤ ᠳᠤ | ᠬᠦᠷᠪᠡᠯ᠂ ᠦᠶᠡᠷ ᠶᠠᠪᠤᠬᠤ ᠭᠤᠤ ᠰᠤᠪᠠᠭ᠂ ᠠᠶᠤᠯ ᠲᠠᠢ ᠵᠠᠮ ᠢᠶᠠᠷ ᠥᠩᠭᠡᠷᠡᠬᠦ ᠳᠡᠭᠡᠨ ᠠᠩᠬᠠᠷᠬᠤ ᠬᠡᠷᠡᠭᠲᠡᠢ᠂ | ᠭᠦᠨ ᠤᠰᠤ ᠲᠠᠢ ᠭᠠᠵᠠᠷ ᠲᠤ ᠤᠴᠢᠬᠤ ᠶᠢ ᠴᠡᠭᠡᠷᠯᠡᠨ᠎ᠡ᠃ ᠭᠤᠷᠪᠠ ᠳᠤ ᠥᠪᠡᠷ ᠢ ᠪᠠᠨ ᠠᠪᠤᠷᠠᠬᠤ ᠪᠠ | ᠬᠠᠷᠢᠯᠴᠠᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ ᠠᠴᠠ ᠵᠠᠶᠢᠯᠠᠬᠤ ᠶᠡᠷᠦ ᠶᠢᠨ ᠮᠡᠳᠡᠯᠭᠡ ᠶᠢ ᠢᠯᠡᠬᠦᠦ | ᠰᠤᠷᠤᠯᠴᠠᠨ᠂ ᠢᠳᠡᠭᠡᠨ ᠤᠮᠳᠠᠭᠠᠨ᠂ ᠬᠤᠪᠴᠠᠰᠤ ᠬᠤᠨᠠᠷ ᠵᠡᠷᠭᠡ ᠴᠢᠬᠤᠯᠠᠳᠠᠢ ᠡᠳ᠋ ᠪᠣᠳᠠᠰ ᠢ ᠪᠡᠯᠡᠳᠬᠡᠵᠦ᠂ | ᠭᠠᠷᠴᠤ ᠮᠡᠳᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠠᠢ ᠪᠠᠶᠢᠪᠠᠯ ᠵᠤᠬᠢᠨ᠎ᠠ᠃ ᠲᠦᠷᠪᠡ ᠳᠤ ᠬᠡᠷᠪᠡ ᠦᠶᠡᠷ | ᠤᠰᠤᠨ ᠳᠤ ᠬᠠᠰᠢᠭᠳᠠᠪᠠᠯ ᠶᠠᠭᠤᠨ ᠤ ᠤᠷᠢᠳ ᠣᠶᠢᠷ᠎ᠠ ᠬᠠᠪᠢ ᠠᠴᠠ ᠪᠠᠨ ᠲᠤᠰᠠᠯᠠᠮᠵᠢ ᠭᠤᠶᠤᠬᠤ ᠪᠤᠶᠤ | ᠴᠠᠭᠳᠠᠭ᠎ᠠ ᠳᠤ ᠮᠡᠳᠡᠬᠦᠯᠦᠨ ᠲᠤᠰᠠᠯᠠᠮᠵᠢ ᠭᠤᠶᠤᠬᠤ ᠬᠡᠷᠡᠭᠲᠡᠢ᠃ |