ᠯᠦᠸᠧ ᠲᠦᠸᠧ ᠱᠠᠨ ᠪᠠᠯᠭᠠᠰᠤᠨ ᠤ ᠬᠢᠨ ᠴᠠᠩᠫᠢᠩ ᠲᠣᠭᠤᠷᠢᠭ ᠲᠤ ᠬᠦᠷᠴᠦ ᠬᠠᠪᠰᠤᠷᠤᠨ ᠲᠡᠳᠬᠦᠬᠦ ᠠᠵᠢᠯ ᠢᠶᠠᠨ ᠵᠣᠯᠭᠠᠭᠤᠯᠪᠠ
ᠨᠡᠶᠢᠲᠡᠯᠡᠭᠰᠡᠨ ᠴᠠᠭ᠄
2024/7/24
  ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠳᠤᠷᠠᠯᠴᠠᠭᠠᠨ ᠤ ᠠᠵᠢᠯ ᠢ ᠴᠢᠨᠠᠭᠰᠢᠳᠠ ᠠᠬᠢᠭᠤᠯᠵᠤ   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠲᠦᠮᠵᠢᠲᠡᠶ ᠰᠠᠶᠢᠨ ᠵᠣᠯᠭᠠᠭᠤᠯᠬᠤ ᠶᠢᠨ ᠲᠥᠯᠥᠭᠡ᠂ 7 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠯᠦᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ᠂  ᠪᠠᠯᠭᠠᠰᠤᠨ ᠳᠠᠷᠤᠭ᠎ᠠ ᠰᠢᠨ ᠷᠦᠨ ᠵᠢᠶᠠᠩ ᠵᠡᠷᠭᠡ ᠬᠥᠮᠦᠰ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠱᠢ ᠰᠠᠨ ᠯᠢᠩ ᠪᠠᠯᠭᠠᠰᠤᠨ ᠳᠤ ᠬᠦᠷᠴᠦ ᠬᠠᠪᠰᠤᠷᠤᠨ ᠲᠡᠳᠬᠦᠬᠦ ᠠᠵᠢᠯ  ᠢᠶᠠᠨ ᠵᠣᠯᠭᠠᠭᠤᠯᠤᠭᠰᠠᠨ ᠪᠥᠭᠡᠳ ᠬᠤᠰᠢᠭᠤᠨ ᠤ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠲᠠᠢ ᠬᠠᠮᠲᠤᠷᠠᠨ ᠬᠠᠷᠢᠶ᠎ᠠ ᠤᠷᠤᠨ ᠤ ᠪᠠᠨ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠲᠤᠬᠠᠢ ᠶᠢᠨ ᠭᠠᠵᠠᠷ ᠤᠨ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠠᠵᠢᠯᠯᠠᠭ᠎ᠠ ᠳᠤ ᠣᠷᠣᠯᠴᠠᠵᠠᠶ᠃  ᠡᠨᠡ ᠬᠤᠭᠤᠴᠠᠭᠠᠨ ᠳᠤ᠂ ᠪᠠᠯᠭᠠᠰᠤᠨ ᠤ ᠤᠳᠤᠷᠢᠳᠤᠯᠭ᠎ᠠ ᠨᠠᠷ ᠱᠢ ᠰᠠᠨ ᠯᠢᠩ ᠪᠠᠯᠭᠠᠰᠤᠨ ᠤ ︽ᠮᠢᠩ ᠵᠢᠩ ᠵᠤᠤ ᠯᠢᠶᠠᠨ︾ ᠮᠢᠩ ᠤᠯᠤᠰ ᠤᠨ ᠦᠶ᠎ᠡ ᠶᠢᠨ  ᠠᠪᠯᠢᠭᠠᠯ ᠢ ᠡᠰᠡᠷᠬᠦᠴᠡᠵᠦ ᠠᠷᠢᠭᠤᠨ ᠴᠢᠭᠡᠴᠢ ᠶᠢ ᠲᠡᠭᠡᠳᠦᠯᠡᠬᠦ ᠲᠡᠦᠬᠡ ᠰᠣᠶᠣᠯ ᠤᠨ ᠬᠦᠷᠢᠶᠡᠯᠡᠩ ᠵᠢᠴᠢ ᠱᠢ ᠰᠠᠨ ᠯᠢᠩ ᠪᠠᠯᠭᠠᠰᠤᠨ ᠤ ᠰᠢᠶᠠᠨ ᠷᠧᠨ ᠳ᠋ᠦᠩ ᠲᠣᠰᠬᠤᠨ ᠢ ᠲᠣᠭᠤᠷᠢᠨ ᠦᠵᠡᠵᠦ᠂ ᠳᠤᠮᠳᠠᠳᠤ ᠤᠯᠤᠰ ᠤᠨ ᠤᠯᠠᠮᠵᠢᠯᠠᠯᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠢ ᠤᠶᠢᠯᠠᠭᠠᠭᠰᠠᠨ ᠤ ᠬᠠᠮᠲᠤ ᠱᠢ ᠰᠠᠨ ᠯᠢᠩ ᠪᠠᠯᠭᠠᠰᠤᠨ ᠤ ᠬᠥᠳᠡᠭᠡ ᠲᠣᠰᠬᠤᠨ ᠤ ᠵᠠᠰᠠᠯᠲᠠ᠂ ᠠᠵᠤ ᠦᠢᠯᠡᠰ ᠤᠨ ᠬᠥᠭᠵᠢᠯᠲᠡ ᠶᠢᠨ ᠲᠡᠷᠢᠭᠦᠨ ᠤ ᠠᠷᠭ᠎ᠠ ᠲᠤᠷᠰᠢᠯᠭ᠎ᠠ ᠶᠢ ᠰᠤᠷᠤᠯᠴᠠᠪᠠ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠠᠵᠢᠯᠯᠠᠭᠠᠨ ᠤ ᠠᠬᠤᠢ ᠲᠠᠯᠠᠪᠠᠢ ᠳᠤ ᠲᠡᠯᠬᠡᠨ ᠦᠵᠡᠬᠦᠯᠦᠭᠰᠡᠨ ᠲᠠᠶᠢᠹᠤᠰᠧ ᠬᠤᠰᠢᠭᠤᠨ ᠤ ᠲᠠᠯ᠎ᠠ ᠨᠤᠲᠤᠭ ᠬᠠᠷ᠎ᠠ ᠠᠷᠢᠬᠢ᠂ ᠬᠤᠩ ᠵᠢᠩ ᠶᠤᠸᠠᠨ ᠶᠠᠮᠠ ᠶᠢᠨ ᠲᠣᠰᠣ᠂  ᠵᠢᠮᠢᠰ ᠤᠨ ᠪᠦᠲᠦᠭᠡᠭᠳᠡᠬᠦᠨ᠂ ᠨᠣᠬᠠᠶ ᠶᠢᠨ ᠬᠤᠰᠢᠭᠤ ᠶᠢᠨ ᠪᠦᠲᠦᠭᠡᠭᠳᠡᠬᠦᠨ᠂ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠨᠢ ᠵᠤᠴᠢᠳ ᠪᠠ ᠵᠢᠭᠤᠯᠴᠢᠯᠠᠭᠴᠢᠳ ᠤᠨ ᠬᠦᠷᠢᠶᠡᠯᠡᠯ ᠢ ᠤᠯᠤᠭᠠᠳ᠂  ᠲᠠᠶᠢᠹᠤᠰᠧ ᠬᠤᠰᠢᠭᠤᠨ ᠤ ᠣᠨᠴᠠᠯᠢᠭᠲᠤ ᠲᠠᠷᠢᠶᠠᠯᠠᠩ ᠤᠨ  ᠪᠦᠲᠦᠭᠡᠭᠳᠡᠬᠦᠨ ᠤ  ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠳᠤ ᠰᠠᠶᠢᠨ ᠰᠠᠶᠢᠬᠠᠨ ᠤᠬᠠᠭᠤᠯᠭ᠎ᠠ ᠶᠢᠨ ᠠᠵᠠ ᠲᠣᠬᠢᠶᠠᠯ ᠬᠠᠩᠭᠠᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号