ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ᠂ ᠤᠷᠤᠭᠰᠢᠯᠠᠯᠳᠠ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ | ᠰᠢᠪᠳᠤᠯᠬᠤ ᠶᠢ ᠪᠠᠷᠢᠮᠲᠠᠯᠠᠨ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠰᠠᠶᠢᠨ ᠬᠢᠵᠦ᠂ ᠶᠠᠰᠤ ᠴᠢᠨᠠᠷ ᠪᠠ | ᠦᠷ᠎ᠡ ᠠᠰᠢᠭ ᠢ ᠢᠯᠡᠳᠲᠡ ᠲᠡᠭᠡᠭᠰᠢᠯᠡᠬᠦᠯᠦᠨ᠂ ᠰᠠᠭᠤᠭᠠᠯᠢ ᠠᠷᠠᠳ ᠤᠨ ᠣᠷᠣᠯᠭ᠎ᠠ ᠶᠢ ᠦᠷᠭᠦᠯᠵᠢᠯᠡᠨ | ᠨᠡᠮᠡᠭᠳᠡᠬᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠨᠢ ᠰᠢᠨ᠎ᠡ ᠠᠬᠢᠴᠠ ᠰᠢᠨ᠎ᠡ | ᠪᠦᠲᠦᠮᠵᠢ ᠲᠠᠢ ᠪᠤᠯᠤᠭᠰᠠᠨ ᠪᠠᠶᠢᠨ᠎ᠠ᠃ | ᠳᠡᠭᠡᠷ᠎ᠡ ᠬᠠᠭᠠᠰ ᠵᠢᠯ ᠳᠤ ᠪᠥᠬᠦ ᠬᠤᠰᠢᠭᠤᠨ ᠤ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ | 21.87 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠬᠤ ᠥᠬᠡᠶ ᠦᠨ᠎ᠡ ᠪᠠᠷ ᠪᠤᠳᠤᠪᠠᠯ᠂ ᠠᠳᠠᠯᠢ | ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ | ᠠᠵᠤ ᠦᠢᠯᠡᠰ ᠤᠨ ᠨᠡᠮᠡᠭᠳᠡᠯ ᠥᠷᠲᠡᠭ 1.65 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.0% ᠨᠡᠮᠡᠭᠳᠡᠨ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 7.16 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.2% ᠢᠶᠠᠷ ᠨᠡᠮᠡᠭᠳᠡᠨ᠂ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 13.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.0% ᠪᠠᠷ ᠨᠡᠮᠡᠭᠳᠡᠵᠡᠢ ᠃ |