ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠨᠡᠮᠡᠭᠳᠡᠭᠰᠡᠨ᠃ ᠳᠡᠭᠡᠷ᠎ᠡ ᠬᠠᠭᠠᠰ ᠵᠢᠯ ᠳᠤ᠂ ᠪᠥᠬᠦ | ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 15.3 % ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠪᠦᠷᠢᠯᠡᠯ ᠤᠨ ᠥᠷᠲᠡᠭ 2.5% ᠪᠠᠷ ᠨᠡᠮᠡᠭᠳᠡᠵᠡᠢ᠃ ᠠᠵᠤ ᠠᠬᠤᠶ ᠶᠢᠨ ᠲᠥᠷᠥᠯ ᠬᠡᠯᠪᠡᠷᠢ ᠠᠴᠠ | ᠦᠵᠡᠪᠡᠯ᠂ ᠬᠦᠨᠳᠦ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠥᠷᠲᠡᠭ 13.2% ᠢᠶᠠᠷ ᠨᠡᠮᠡᠭᠳᠡᠵᠦ᠂ | ᠬᠥᠩᠭᠡᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠥᠷᠲᠡᠭ 13.0% ᠢᠶᠠᠷ ᠪᠠᠭᠤᠷᠠᠵᠤ᠂ ᠬᠤᠪᠢᠴᠠᠭᠠᠨ ᠤ | ᠳᠦᠷᠢᠮᠲᠦ ᠠᠵᠤ ᠠᠬᠤᠶᠢᠯᠠᠯ 2.8 % ᠪᠠᠷ ᠨᠡᠮᠡᠭᠳᠡᠨ᠂ ᠭᠠᠳᠠᠭᠠᠳᠤ ᠶᠢᠨ ᠠᠷᠠᠯᠵᠢᠶᠠᠴᠢᠨ ᠪᠠ ᠰᠢᠶᠠᠩᠭᠠᠩ | ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 0.2% ᠢᠶᠠᠷ ᠪᠠᠭᠤᠷᠠᠵᠤ᠂ ᠤᠯᠤᠰ ᠤᠨ | ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠷᠲᠡᠭ 9.3% ᠪᠠᠷ | ᠪᠠᠭᠤᠷᠠᠭᠰᠠᠨ ᠪᠠᠶᠢᠨ᠎ᠠ᠃ ᠦᠢᠯᠡᠳᠬᠦᠨ ᠤ ᠪᠠᠶᠢᠳᠠᠯ ᠠᠴᠠ ᠨᠢ ᠦᠵᠡᠪᠡᠯ᠂ ᠮᠠᠯ ᠤᠨ ᠡᠮ ᠤᠨ ᠭᠠᠷᠤᠯᠲᠠ ᠠᠳᠠᠯᠢ | ᠬᠤᠭᠤᠴᠠᠭᠠᠨ ᠤ ᠬᠢ ᠠᠴᠠ 7.9% ᠪᠠᠷ ᠨᠡᠮᠡᠭᠳᠡᠵᠦ᠂ ᠰᠦᠯᠢᠶᠣᠣ ᠪᠦᠳᠦᠭᠡᠭᠳᠡᠬᠦᠨ 2.5% ᠪᠠᠷ ᠨᠡᠮᠡᠭᠳᠡᠵᠦ᠂ | ᠪᠠᠯ ᠴᠢᠯᠠᠭᠤ ᠪᠠ ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ 3.5% ᠪᠠᠷ ᠨᠡᠮᠡᠭᠳᠡᠨ᠂ ᠨᠠᠷᠢᠯᠢᠭ ᠦᠢᠯᠡᠳᠦᠭᠰᠡᠨ | ᠤᠷᠭᠤᠮᠠᠯ ᠤᠨ ᠲᠣᠰᠣ 48.7% ᠪᠠᠷ ᠪᠠᠭᠤᠷᠠᠵᠤ᠂ ᠲᠡᠵᠢᠭᠡᠯ ᠪᠣᠷᠳᠤᠭ᠎ᠠ 46.5% ᠪᠠᠷ ᠪᠠᠭᠤᠷᠠᠨ᠂ ᠠᠷᠢᠬᠢ | ᠤᠮᠳᠠᠭᠠᠨ ᠤ ᠲᠦᠷᠦᠯ 11.9% ᠪᠠᠷ ᠪᠠᠭᠤᠷᠠᠪᠡ᠃ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠤᠨ | ᠪᠠᠶᠢᠳᠠᠯ ᠠᠴᠠ ᠦᠵᠡᠪᠡᠯ᠂ 1 - 6 ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 17.1 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 5.4 % ᠪᠠᠷ ᠨᠡᠮᠡᠭᠳᠡᠨ᠂ ᠪᠡᠶᠡᠯᠡᠭᠦᠯᠦᠭᠰᠡᠨ ᠠᠰᠢᠭ | ᠬᠤᠨᠵᠢᠪᠣᠷᠢ ᠶᠢᠨ ᠶᠡᠷᠦᠩᠬᠡᠶ ᠲᠤᠭ᠎ᠠ 3.8 ᠳ᠋ᠦᠩᠰᠢᠭᠤᠷ ᠲᠥᠭᠦᠷᠢᠭ ᠲᠤ ᠬᠦᠷᠴᠦ᠂ 0.3 % ᠪᠠᠷ ᠨᠡᠮᠡᠭᠳᠡᠪᠡ᠃ |