ᠶᠦᠩ ᠹᠧᠩ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/25
  ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠤ ᠪᠠᠷ ᠠᠵᠢᠯ ᠤᠨ ᠭᠤᠣᠯ ᠰᠢᠵᠢᠮ ᠪᠤᠯᠭᠠᠨ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠠ ᠬᠠᠤᠯᠢ ᠲᠦᠷᠢᠮ ᠤᠨ ᠤᠬᠠᠭᠤᠯᠭ᠎ᠠ ᠶᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠳᠤ ︽ᠵᠢᠷᠭᠤᠭᠠᠨ ᠦᠬᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠶᠢ ᠭᠦᠨᠵᠡᠭᠡᠢ ᠲᠠᠨᠢᠭᠤᠯᠬᠤ ᠶᠢᠨ ᠲᠥᠯᠥᠭᠡ᠂ ᠤᠢᠢᠷ᠎ᠠ ᠶᠢᠨ ᠬᠤᠭᠤᠴᠠᠭᠠᠨ ᠳᠤ ᠶᠦᠩ ᠹᠧᠩ ᠪᠠᠯᠭᠠᠰᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠢᠷᠢᠰ ᠠᠵᠢᠯᠯᠠᠭ᠎ᠠ ᠥᠷᠨᠢᠭᠦᠯᠪᠡ᠃     — — ᠤᠨᠤᠯ ᠤᠨ ᠰᠤᠷᠤᠯᠴᠠᠯᠭ᠎ᠠ ᠪᠠᠷ ᠦᠵᠡᠯ ᠰᠠᠨᠠᠭ᠎ᠠ ᠲᠠᠨᠢᠯᠲᠠ ᠶᠢ ᠲᠡᠭᠡᠭᠰᠢᠯᠡᠬᠦᠯᠦᠭᠰᠡᠨ᠃ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠡᠷᠬᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠡᠳᠦᠪ ᠪᠤᠯᠭᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠤᠶᠢᠮᠤ ᠤᠨᠤᠯ︾ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠬᠠᠢ ᠬᠤᠯᠪᠣᠭᠳᠠᠯ ᠪᠦᠬᠦᠢ ᠠᠭᠤᠯᠭ᠎ᠠ ᠶᠢ ᠰᠤᠷᠤᠯᠴᠠᠭᠰᠠᠨ ᠪᠠᠶᠢᠨ᠎ᠠ᠃ ᠬᠤᠷᠠᠯ ᠠᠴᠠ᠂ ᠬᠤᠰᠢᠭᠤ ᠨᠠᠮ ᠤᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠥᠷᠭᠡᠨ ᠲᠡᠯᠬᠡᠷ ᠦᠷᠨᠢᠬᠦᠯᠦᠨ  ᠦᠨᠳᠦᠰᠦᠲᠡᠨ ᠤ ᠠᠵᠢᠯ ᠢ  ᠪᠦᠲᠦᠮᠵᠢᠲᠡᠢ ᠰᠠᠶᠢᠨ ᠬᠢᠵᠦ᠂ ᠡᠯ᠎ᠡ ᠦᠨᠳᠦᠰᠦᠳᠡᠨ ᠤ ᠤᠯᠠᠨ ᠲᠦᠮᠡᠨ ᠢ ᠵᠢᠯᠤᠭᠤᠳᠴᠤ ᠠᠨᠠᠷ ᠤᠨ ᠦᠷ᠎ᠡ ᠮᠡᠳᠦ ᠪᠦᠯᠬᠦᠮᠳᠡᠬᠦᠯᠦᠨ ᠨᠢᠬᠳᠠᠷᠠᠭᠤᠯᠬᠤ ᠭᠡᠷᠡᠭᠳᠡᠢ᠃ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠺᠠᠳ᠋ᠷ ᠢ ᠵᠡᠪᠰᠡᠭᠯᠡᠨ᠂ ᠤᠯᠠᠨ ᠲᠦᠮᠡᠨ ᠢ ᠬᠥᠮᠦᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ  ᠵᠢᠯᠣᠭᠤᠳᠴᠤ ᠪᠠᠶᠢᠭᠠᠳ ᠦᠨᠳᠦᠰᠦᠨ ᠬᠠᠤᠯᠢ ᠠᠴᠠ ᠣᠯᠭᠤᠭᠰᠠᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠡᠭᠦᠷᠭᠡ ᠶᠢ ᠦᠨᠡᠨᠬᠦ  ᠪᠡᠶᠡᠯᠡᠬᠦᠯᠬᠦ ᠬᠡᠷᠡᠭᠲᠡᠢ ᠬᠡᠵᠦ ᠴᠢᠬᠤᠯᠠᠴᠢᠯᠠᠪᠠ᠃      — — ᠲᠤᠰᠬᠠᠢ ᠰᠡᠳᠦᠪᠲᠦ  ᠤᠬᠠᠭᠤᠯᠭ᠎ᠠ ᠲᠠᠶᠢᠯᠤᠮᠵᠢ ᠪᠠᠷ ᠦᠵᠡᠯ ᠰᠠᠨᠠᠭᠠᠨ ᠤ ᠰᠠᠭᠤᠷᠢ ᠶᠢ ᠪᠠᠳᠤᠳᠬᠠᠭᠰᠠᠨ᠃  ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠭᠤᠤᠯ ᠰᠡᠳᠦᠪᠲᠦ ᠤᠬᠠᠭᠤᠯᠭ᠎ᠠ ᠲᠠᠶᠢᠯᠤᠮᠵᠢ ᠶᠢ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠳᠤ ᠰᠠᠭᠤᠷᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠠᠵᠢᠯ ᠤᠨ ᠪᠣᠳᠠᠲᠠᠶ ᠱᠠᠭᠠᠷᠳᠠᠯᠭ᠎ᠠ ᠲᠠᠢ ᠤᠶᠠᠯᠳᠤᠭᠤᠯᠵᠤ ᠪᠠᠶᠢᠭᠠᠳ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠡᠭᠦᠨ ᠤ ᠳᠣᠲᠣᠷᠠᠬᠢ ᠣᠨᠣᠯ ᠤᠨ ᠠᠴᠢ ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ ᠪᠠ ᠴᠠᠭ ᠦᠶ᠎ᠡ ᠶᠢᠨ ᠠᠴᠢ ᠬᠤᠯᠪᠣᠭᠳᠠᠯ ᠢ ᠬᠦᠮᠦᠰ ᠲᠤ ᠤᠯᠠᠮ ᠭᠦᠨᠵᠡᠭᠡᠶ ᠣᠶᠢᠯᠠᠭᠠᠭᠤᠯᠪᠠ᠃ ᠤᠬᠠᠭᠤᠯᠭ᠎ᠠ ᠲᠠᠶᠢᠯᠤᠮᠵᠢ ᠳᠤ ᠴᠢᠬᠤᠯᠠᠴᠢᠯᠠᠬᠤ ᠳᠠᠭᠠᠨ᠂ ᠨᠠᠮ ᠤᠨ ᠭᠡᠰᠢᠭᠦᠨ ᠺᠠᠳ᠋ᠷᠴᠤᠳ ᠡᠷᠭᠡᠪᠰᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠤᠢᠢᠯᠠᠭᠠᠨ ᠡᠵᠡᠮᠰᠢᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ  ᠤᠶᠢᠯᠠᠭᠠᠨ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠠ ᠦᠬᠡᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠪᠦᠯᠬᠦᠮᠳᠡᠨ ᠲᠡᠮᠡᠴᠡᠬᠦ ᠰᠠᠭᠤᠷᠢ ᠶᠢ ᠨᠢᠬᠳᠠᠷᠠᠭᠤᠯᠤᠨ᠂ ᠪᠦᠯᠬᠦᠮᠳᠡᠨ ᠲᠡᠮᠡᠴᠡᠬᠦ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠬᠡᠵᠡᠢ᠃      — — ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠷ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠭᠰᠠᠨ᠃ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠭᠤᠯᠤᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠡᠵᠡᠮᠰᠢᠬᠦᠯᠦᠨ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠦᠷᠢᠮ ᠪᠠ ᠦᠨᠳᠦᠰᠦᠲᠡᠨ ᠤ ᠪᠦᠯᠬᠦᠮᠳᠡᠯ ᠤᠨ ᠶᠡᠷᠦ ᠶᠢᠨ ᠮᠡᠳᠡᠯᠭᠡ ᠶᠢ ᠰᠤᠷᠤᠯᠴᠠᠭᠤᠯᠵᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠪᠠᠶᠢᠭᠤᠯᠤᠯᠲᠠ ᠶᠢ ᠠᠬᠢᠭᠤᠯᠬᠤ ᠶᠢᠨ ᠲᠦᠯᠦᠭᠡ᠂ ᠶᠦᠩ ᠹᠧᠩ ᠪᠠᠯᠭᠠᠰᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠣᠭᠤᠷᠢᠨ ᠳᠤ ᠢᠳᠡᠪᠬᠢᠳᠡᠢ ᠪᠠᠷ ᠤᠬᠠᠭᠤᠯᠭ᠎ᠠ ᠬᠢᠭᠰᠡᠨ ᠪᠠᠶᠢᠨ᠎ᠠ᠃ ᠤᠬᠠᠭᠤᠯᠤᠨ ᠲᠠᠶᠢᠯᠪᠤᠷᠢᠯᠠᠬᠤ ᠠᠩᠭᠢ ᠨᠢ ᠳᠥᠭᠦᠮ ᠣᠶᠢᠯᠠᠭᠠᠮᠵᠢᠲᠠᠶ ᠦᠭᠡ ᠬᠡᠯᠡᠯᠭᠡ ᠪᠠᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠠᠷ ᠠᠪᠤᠯᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠣᠯᠠᠨ ᠲᠦᠮᠡᠨ ᠳᠤ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠤᠨ ᠦᠨᠳᠦᠰᠦᠲᠡᠨ ᠤ ᠣᠨᠣᠯ ᠤᠨ ᠲᠤᠬᠠᠶ ᠲᠠᠨᠢᠯᠲᠠ ᠶᠢ ᠴᠢᠩᠭᠠᠳᠬᠠᠨ᠂  ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠦᠷᠢᠮ ᠤᠨ ᠲᠤᠬᠠᠶ ᠮᠡᠳᠡᠷᠡᠮᠵᠢ ᠶᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ  ᠲᠠᠯᠪᠢᠵᠠᠢ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号